ᠮᠣᠩᠭᠣᠯ᠂ ᠰᠧᠷᠪᠢ ᠤᠯᠤᠰ ᠤᠨ ᠭᠠᠳᠠᠭᠠᠳᠤ ᠶᠠᠮᠤᠨ ᠬᠣᠭᠣᠷᠣᠨᠳᠣ ᠶᠢᠨ ᠠᠭᠤᠯᠵᠠᠯᠲᠠ ᠪᠣᠯᠪᠠ | News.MN

ᠮᠣᠩᠭᠣᠯ᠂ ᠰᠧᠷᠪᠢ ᠤᠯᠤᠰ ᠤᠨ ᠭᠠᠳᠠᠭᠠᠳᠤ ᠶᠠᠮᠤᠨ ᠬᠣᠭᠣᠷᠣᠨᠳᠣ ᠶᠢᠨ ᠠᠭᠤᠯᠵᠠᠯᠲᠠ ᠪᠣᠯᠪᠠ

ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ᠂ ᠪᠦᠭᠦᠳᠡ ᠨᠠᠢᠷᠠᠮᠳᠠᠬᠤ ᠰᠧᠷᠪᠢ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ ᠬᠣᠭᠣᠷᠣᠨᠳᠣ ᠶᠢᠨ ᠤᠯᠤᠰ ᠲᠥᠷᠥ ᠶᠢᠨ ᠭᠤᠷᠪᠠᠳᠤᠭᠠᠷ ᠵᠥᠪᠯᠡᠯᠳᠦᠬᠦ ᠠᠭᠤᠯᠵᠠᠯᠲᠠ ᠡᠨᠡ ᠰᠠᠷ᠎ᠠ ᠶᠢᠨ 12 ᠳᠦ ᠤᠯᠠᠭᠠᠨᠪᠠᠭᠠᠲᠤᠷ ᠬᠣᠲᠠᠨ᠎ᠠ ᠪᠣᠯᠪᠠ᠃

ᠠᠭᠤᠯᠵᠠᠯᠲᠠ ᠪᠠᠷ ᠲᠠᠯ᠎ᠠ ᠨᠤᠭᠤᠳ ᠮᠣᠩᠭᠣᠯ᠂ ᠰᠧᠷᠪᠢ ᠶᠢᠨ ᠤᠯᠠᠮᠵᠢᠯᠠᠯᠲᠤ ᠨᠠᠢᠷᠰᠠᠭ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠠᠵᠢᠯᠯᠠᠭ᠎ᠠ ᠶᠢ ᠡᠳ᠋ ᠦᠨ ᠵᠠᠰᠠᠭ᠂ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠶᠢᠨ ᠪᠣᠳᠠᠲᠤ ᠠᠭᠤᠯᠭ᠎ᠠ ᠪᠠᠷ ᠪᠠᠶᠠᠵᠢᠭᠤᠯᠬᠤ ᠪᠣᠯᠤᠮᠵᠢ᠂ ᠮᠥᠨ  ᠠᠴᠢᠶ᠎ᠠ ᠲᠡᠭᠡᠭᠡᠪᠦᠷᠢ ᠶᠢᠨ ᠡᠷᠭᠢᠯᠲᠡ ᠶᠢᠨ ᠲᠥᠪ᠂ ᠪᠣᠯᠪᠠᠰᠤᠷᠠᠯ᠂ ᠰᠤᠶᠤᠯ ᠤᠷᠠᠯᠢᠭ᠂ ᠰᠫᠣᠷᠲ᠂ ᠠᠶᠠᠯᠠᠯ ᠵᠢᠭᠤᠯᠴᠢᠯᠠᠯ ᠤᠨ ᠰᠠᠯᠪᠤᠷᠢ ᠳᠤ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭᠵᠢᠭᠦᠯᠬᠦ ᠪᠣᠯᠤᠮᠵᠢ ᠶᠢᠨ ᠲᠠᠯ᠎ᠠ ᠪᠠᠷ ᠳᠡᠯᠭᠡᠷᠡᠩᠭᠦᠢ ᠶᠠᠷᠢᠯᠴᠠᠵᠤ᠂ ᠨᠢᠭᠡᠳᠦᠭᠰᠡᠨ ᠦᠨᠳᠦᠰᠦᠨ ᠦ ᠪᠠᠢᠭᠤᠯᠤᠯᠭ᠎ᠠ ᠪᠣᠯᠤᠨ ᠣᠯᠠᠨ ᠤᠯᠤᠰ ᠤᠨ ᠪᠤᠰᠤᠳ ᠪᠠᠢᠭᠤᠯᠤᠯᠭ᠎ᠠ ᠶᠢᠨ ᠬᠦᠷᠢᠶᠡᠨ ᠳᠦ ᠬᠠᠮᠲᠤ ᠶᠢᠨ ᠠᠵᠢᠯᠯᠠᠭ᠎ᠠ ᠪᠠᠨ ᠪᠡᠬᠢᠵᠢᠭᠦᠯᠬᠦ ᠪᠡᠨ ᠨᠣᠲᠠᠯᠠᠯ᠎ᠠ᠃

ᠡᠨᠡ ᠣᠨ ᠳᠤ ᠮᠣᠩᠭᠣᠯ ᠤᠯᠤᠰ᠂ ᠪᠦᠭᠦᠳᠡ ᠨᠠᠢᠷᠠᠮᠳᠠᠬᠤ ᠰᠧᠷᠪᠢ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠲᠣᠬᠢᠶᠠᠵᠤ ᠪᠤᠢ ᠪᠥᠭᠡᠳ ᠡᠨᠡ ᠬᠦᠷᠢᠶᠡᠨ ᠳᠦ ᠬᠡᠷᠡᠭᠵᠢᠭᠦᠯᠬᠦ ᠠᠢᠯᠴᠢᠯᠠᠯ᠂ ᠠᠷᠭ᠎ᠠ ᠬᠡᠮᠵᠢᠶᠡᠨ ᠦ ᠲᠠᠯ᠎ᠠ ᠪᠠᠷ ᠰᠠᠨᠠᠯ ᠰᠣᠯᠢᠯᠴᠠᠭᠰᠠᠨ ᠤ ᠵᠡᠷᠭᠡᠴᠡᠭᠡ ᠰᠧᠷᠪᠢ ᠤᠯᠤᠰ ᠲᠤ 2027 ᠣᠨ ᠳᠤ ᠵᠣᠬᠢᠶᠠᠨ ᠪᠠᠢᠭᠤᠯᠬᠤ ᠳᠡᠯᠡᠬᠡᠢ ᠶᠢᠨ ᠲᠤᠰᠬᠠᠢ ᠡᠺᠰᠫᠣ ᠳᠦ ᠮᠣᠩᠭᠣᠯ ᠤᠯᠤᠰ ᠢ ᠣᠷᠣᠯᠴᠠᠬᠤ ᠶᠢ ᠤᠷᠢᠪᠠ᠃ ᠮᠣᠩᠭᠣᠯ ᠤᠯᠤᠰ᠂ ᠪᠦᠭᠦᠳᠡ ᠨᠠᠢᠷᠠᠮᠳᠠᠬᠤ ᠰᠧᠷᠪᠢ ᠤᠯᠤᠰ ᠲᠠᠢ 1956 ᠣᠨ ᠤ  ᠠᠷᠪᠠᠨ ᠨᠢᠭᠡᠳᠦᠭᠡᠷ ᠰᠠᠷ᠎ᠠ ᠶᠢᠨ 20 ᠳᠦ ᠳ᠋ᠢᠫᠯᠣᠮᠠᠲ ᠬᠠᠷᠢᠯᠴᠠᠭ᠎ᠠ ᠲᠣᠭᠲᠠᠭᠠᠵᠤ ᠪᠠᠢᠭᠰᠠᠨ ᠪᠢᠯᠡ᠃

ᠰᠡᠳᠬᠢᠭᠳᠡᠯ ᠦᠯᠡᠳᠡᠭᠡᠬᠦ