ᠮᠣᠩᠭᠣᠯ ᠤᠯᠤᠰ ᠤᠨ ᠵᠠᠰᠠᠭ ᠤᠨ ᠭᠠᠵᠠᠷ᠂ ᠠᠮᠧᠷᠢᠺᠠ ᠶᠢᠨ ᠮᠢᠩᠭᠠᠨ ᠤ ᠰᠣᠷᠢᠯᠲᠠ ᠶᠢᠨ ᠺᠣᠷᠫᠣᠷᠠᠼ ᠬᠣᠭᠣᠷᠣᠨᠳᠣ ᠪᠠᠢᠭᠤᠯᠤᠭᠰᠠᠨ ᠬᠣᠶᠠᠳᠤᠭᠠᠷ ᠺᠣᠮᠫᠠᠺᠲ ᠭᠡᠷ᠎ᠡ ᠪᠤᠶᠤ ᠤᠰᠤᠨ ᠤ ᠺᠣᠮᠫᠠᠺᠲ ᠤᠨ ᠬᠦᠷᠢᠶᠡᠨ ᠳᠦ ᠪᠦᠲᠦᠭᠡᠨ ᠪᠠᠢᠭᠤᠯᠤᠭᠰᠠᠨ ᠮᠣᠩᠭᠣᠯ ᠤᠨ ᠠᠩᠬᠠᠨ ᠤ ᠤᠰᠤ ᠭᠦᠨ ᠴᠡᠪᠡᠷᠰᠢᠭᠦᠯᠬᠦ ᠦᠢᠯᠡᠳᠪᠦᠷᠢ ᠶᠢ ᠨᠡᠭᠡᠭᠡᠵᠦ᠂ ᠦᠢᠯᠡ ᠠᠵᠢᠯᠯᠠᠭ᠎ᠠ ᠶᠢ ᠨᠢ ᠡᠬᠢᠯᠡᠭᠦᠯᠬᠦ ᠶᠣᠰᠣᠯᠠᠯ ᠪᠣᠯᠤᠯ᠎ᠠ᠃
ᠮᠣᠩᠭᠣᠯ ᠤᠯᠤᠰ ᠤᠨ ᠶᠡᠷᠦᠩᠬᠡᠢᠢᠯᠡᠭ᠍ᠴᠢ ᠤ᠊ ∙ ᠬᠦᠷᠡᠯᠰᠦ᠋ᠬᠡ ᠨᠡᠭᠡᠭᠡᠯᠲᠡ ᠳᠦ ᠦᠭᠡ ᠬᠡᠯᠡᠬᠦ ᠳᠦ ᠪᠡᠨ᠄ ᠥᠨᠥᠳᠥᠷ ᠦᠨ ᠦᠢᠯᠡ ᠠᠵᠢᠯᠯᠠᠭ᠎ᠠ ᠵᠥᠪᠬᠡᠨ ᠨᠢᠭᠡ ᠦᠢᠯᠡᠳᠪᠦᠷᠢ ᠶᠢᠨ ᠨᠡᠭᠡᠭᠡᠯᠲᠡ ᠪᠢᠰᠢ᠃ ᠮᠣᠩᠭᠣᠯ ᠤᠯᠤᠰ ᠤᠨ ᠢᠷᠡᠭᠡᠳᠦᠢ ᠶᠢᠨ ᠲᠣᠭᠲᠠᠪᠤᠷᠢᠲᠠᠢ ᠬᠥᠭᠵᠢᠯ᠂ ᠠᠷᠠᠳ ᠢᠷᠭᠡᠳ ᠦᠨ ᠮᠠᠨᠢ ᠠᠶ᠎ᠠ ᠲᠤᠬᠠᠲᠠᠢ ᠠᠮᠢᠳᠤᠷᠠᠯ ᠢ ᠪᠠᠲᠤᠯᠠᠭᠠᠵᠢᠭᠤᠯᠬᠤ᠂ ᠨᠡᠢᠰᠯᠡᠯ ᠤᠯᠠᠭᠠᠨᠪᠠᠭᠠᠲᠤᠷ ᠬᠣᠲᠠ ᠶᠢᠨ ᠥᠷᠭᠡᠵᠢᠨ ᠲᠡᠯᠡᠬᠦ ᠰᠠᠭᠤᠷᠢ ᠨᠥᠬᠥᠴᠡᠯ ᠢ ᠪᠦᠷᠢᠳᠦᠭᠦᠯᠵᠦ ᠪᠤᠢ ᠶᠢ ᠢᠯᠡᠷᠬᠡᠢᠢᠯᠡᠬᠦ ᠲᠡᠦᠬᠡᠨ ᠠᠴᠢ ᠬᠣᠯᠪᠣᠭᠳᠠᠯ ᠲᠠᠢ ᠶᠤᠮ᠃ ᠮᠢᠨᠦ ᠪᠡᠶ᠎ᠡ ᠬᠥᠲᠥᠯᠪᠦᠷᠢ ᠶᠢᠨ ᠬᠦᠷᠢᠶᠡᠨ ᠳᠦ ᠪᠦᠲᠦᠭᠡᠨ ᠪᠠᠢᠭᠤᠯᠤᠭᠰᠠᠨ ᠬᠣᠶᠠᠷ ᠲᠣᠮᠣ ᠦᠢᠯᠡᠳᠪᠦᠷᠢ ᠶᠢᠨ ᠰᠢᠪᠠ ᠶᠢ ᠨᠢ ᠲᠠᠯᠪᠢᠬᠤ ᠠᠴᠠ ᠡᠬᠢᠯᠡᠭᠡᠳ ᠡᠭᠦᠳᠡ ᠪᠡᠨ ᠨᠡᠭᠡᠭᠡᠵᠦ᠂ ᠦᠢᠯᠡ ᠠᠵᠢᠯᠯᠠᠭ᠎ᠠ ᠶᠢ ᠪᠠᠨ ᠡᠬᠢᠯᠡᠭᠦᠯᠬᠦ ᠬᠦᠷᠲᠡᠯᠡᠬᠢ ᠡᠨᠡ ᠪᠦᠬᠦ ᠬᠤᠭᠤᠴᠠᠭᠠᠨ ᠳᠤ ᠲᠠ ᠪᠦᠬᠦᠨ ᠲᠡᠢ ᠬᠠᠮᠲᠤ ᠪᠠᠢᠵᠤ᠂ ᠲᠡᠦᠬᠡᠨ ᠦᠢᠯᠡ ᠶᠠᠪᠤᠳᠠᠯ ᠤᠨ ᠭᠡᠷᠡᠴᠢ ᠪᠣᠯᠵᠤ ᠪᠠᠢᠭ᠎ᠠ ᠳᠤ ᠪᠠᠨ ᠶᠡᠬᠡᠳᠡ ᠪᠠᠶᠠᠷ ᠲᠠᠢ ᠪᠠᠢᠨ᠎ᠠ》ᠬᠡᠮᠡᠨ ᠣᠨᠴᠠᠯᠠᠯ᠎ᠠ᠃
ᠠᠮᠧᠷᠢᠺᠠ ᠶᠢᠨ ᠨᠢᠭᠡᠳᠦᠭᠰᠡᠨ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠳ ᠷᠢᠴᠠᠷᠲ ᠪᠤᠢᠩᠭᠠᠨ᠄ ᠳᠡᠳ᠋ ᠪᠦᠲᠦᠴᠡ ᠶᠢ ᠪᠠᠷᠢᠵᠤ ᠪᠠᠢᠭᠤᠯᠬᠤ ᠳᠤ ᠪᠠᠨ ᠲᠣᠭᠲᠠᠪᠤᠷᠢᠲᠠᠢ᠂ ᠨᠢᠮᠪᠠᠢ᠂ ᠢᠯᠡ ᠲᠣᠳᠣ ᠵᠠᠷᠴᠢᠮᠴᠢ ᠬᠠᠨᠳᠤᠪᠠᠯ ᠢᠷᠭᠡᠳ ᠲᠦ ᠪᠣᠳᠠᠲᠤ ᠦᠷ᠎ᠡ ᠦᠭ᠍ᠭᠦᠭᠡᠵᠢ ᠪᠡᠨ ᠥᠭᠳᠡᠭ ᠪᠢᠯᠡ᠃ ᠣᠨᠣᠪᠴᠢᠲᠠᠢ ᠲᠥᠯᠥᠪᠯᠡᠯᠲᠡ᠂ ᠮᠠᠩᠯᠠᠢᠯᠠᠯ᠂ ᠪᠠᠲᠤ ᠪᠥᠬᠡ ᠬᠠᠮᠲᠤ ᠶᠢᠨ ᠠᠵᠢᠯᠯᠠᠭᠠᠨ ᠤ ᠢᠯᠡᠷᠬᠡᠢᠢᠯᠡᠯ ᠪᠣᠯᠤᠭᠰᠠᠨ ᠡᠨᠡ ᠬᠦ ᠤᠰᠤ ᠭᠦᠨ ᠴᠡᠪᠡᠷᠰᠢᠭᠦᠯᠬᠦ ᠦᠢᠯᠡᠳᠪᠦᠷᠢ ᠨᠢ ᠮᠠᠨ ᠤ ᠬᠣᠶᠠᠷ ᠣᠷᠣᠨ ᠤ ᠬᠠᠮᠲᠤ ᠶᠢᠨ ᠠᠵᠢᠯᠯᠠᠭᠠᠨ ᠤ ᠲᠣᠳᠣ ᠲᠣᠮᠣᠷᠠᠭᠤᠨ ᠵᠢᠱᠢᠶ᠎ᠡ ᠶᠤᠮ ᠬᠡᠮᠡᠪᠡ᠃
ᠤᠰᠤ ᠬᠠᠩᠭᠠᠮᠵᠢ ᠶᠢᠨ ᠪᠠᠷᠠᠭᠤᠨ ᠡᠬᠢ ᠡᠭᠦᠰᠪᠦᠷᠢ ᠶᠢ ᠰᠢᠨ᠎ᠡ ᠪᠡᠷ ᠪᠠᠢᠭᠤᠯᠬᠤ ᠪᠠᠷ ᠪᠢᠣᠺᠣᠮᠪᠢᠨᠠᠲ᠂ ᠰᠢᠪᠠᠭᠤᠨ ᠹᠠᠪᠷᠢᠺ ᠤᠨ ᠣᠷᠴᠢᠮ ᠳᠤ 30 ᠭᠦᠨ ᠦ ᠬᠤᠳᠳᠤᠭ ᠭᠠᠷᠭᠠᠵᠤ᠂ ᠮᠣᠩᠭᠣᠯ ᠤᠯᠤᠰ ᠲᠤ ᠠᠩᠬ᠎ᠠ ᠤᠳᠠᠭ᠎ᠠ ᠳᠡᠪᠰᠢᠯᠲᠡᠲᠦ ᠲᠧᠭᠨᠣᠯᠣᠭᠢ ᠪᠦᠬᠦᠢ ᠤᠰᠤ ᠭᠦᠨ ᠴᠡᠪᠡᠷᠰᠢᠭᠦᠯᠬᠦ ᠦᠢᠯᠡᠳᠪᠦᠷᠢ ᠶᠢ ᠱᠤᠭᠤᠮ ᠬᠣᠭᠣᠯᠠᠢ᠂ ᠬᠢᠨᠠᠯᠲᠠ ᠤᠳᠤᠷᠢᠳᠤᠯᠭ᠎ᠠ ᠶᠢᠨ ᠰᠢᠰᠲ᠋ᠧᠮ ᠲ᠋ᠡᠢ ᠨᠢ ᠪᠠᠢᠭᠤᠯᠵᠠᠢ᠃ ᠤᠰᠤ ᠬᠠᠩᠭᠠᠮᠵᠢ ᠶᠢᠨ ᠪᠠᠷᠠᠭᠤᠨ ᠡᠬᠢ ᠡᠭᠦᠰᠪᠦᠷᠢ ᠨᠢ ᠵᠢᠯ ᠳᠦ ᠪᠡᠨ 50 ᠰᠠᠶ᠎ᠠ ᠱᠣᠣ ᠮᠧᠲ᠋ᠷ ᠤᠰᠤ ᠶᠢ ᠨᠡᠢᠰᠯᠡᠯ ᠦᠨ ᠬᠡᠷᠡᠭᠯᠡᠭᠡᠨ ᠳᠦ ᠨᠡᠢᠯᠡᠭᠦᠯᠬᠦ ᠨᠠᠢᠮᠠᠳᠠᠬᠢ ᠪᠤᠶᠤ ᠤᠯᠠᠭᠠᠨᠪᠠᠭᠠᠲᠤᠷ ᠬᠣᠲᠠ ᠶᠢᠨ ᠬᠠᠮᠤᠭ ᠤᠨ ᠲᠣᠮᠣ ᠤᠮᠳᠠᠨ ᠤ ᠤᠰᠤᠨ ᠤ ᠡᠬᠢ ᠡᠭᠦᠰᠪᠦᠷᠢ ᠪᠣᠯᠬᠤ ᠶᠤᠮ᠃ ᠰᠣᠩᠭᠢᠨ᠎ᠠ ᠬᠠᠢᠷᠬᠠᠨ ᠠᠭᠤᠯᠠ ᠶᠢᠨ ᠵᠡᠭᠦᠨ ᠪᠡᠯ ᠳᠦ ᠪᠠᠷᠢᠭᠰᠠᠨ ᠲᠤᠰ ᠦᠢᠯᠡᠳᠪᠦᠷᠢ ᠶᠢᠨ ᠰᠢᠪᠠ ᠶᠢ 2021 ᠣᠨ ᠳᠤ ᠲᠠᠯᠪᠢᠭᠰᠠᠨ ᠠᠴᠠ ᠬᠣᠢᠰᠢ ᠪᠦᠲᠦᠭᠡᠨ ᠪᠠᠢᠭᠤᠯᠤᠯᠲᠠ ᠨᠢ ᠡᠷᠴᠢᠮᠲᠡᠢ ᠥᠷᠨᠢᠵᠦ᠂ ᠡᠢᠨᠬᠦᠦ ᠥᠨᠥᠳᠥᠷ ᠨᠡᠭᠡᠭᠡᠯᠲᠡ ᠪᠡᠨ ᠬᠢᠯ᠎ᠡ᠃
ᠤᠰᠤ ᠭᠦᠨ ᠴᠡᠪᠡᠷᠰᠢᠭᠦᠯᠬᠦ ᠦᠢᠯᠡᠳᠪᠦᠷᠢ ᠶᠢᠨ ᠦᠢᠯᠡ ᠠᠵᠢᠯᠯᠠᠭ᠎ᠠ ᠶᠢ ᠬᠠᠷᠢᠭᠤᠴᠠᠨ ᠠᠵᠢᠯᠯᠠᠬᠤ ᠤᠰᠤ ᠰᠤᠪᠠᠭ ᠤᠨ ᠤᠳᠤᠷᠢᠳᠬᠤ ᠭᠠᠵᠠᠷ ᠤᠨ 27 ᠢᠨᠵᠧᠨᠧᠷ᠂ ᠲᠧᠭᠨᠢᠭ ᠦᠨ ᠠᠵᠢᠯᠲᠠᠨ ᠦᠢᠯᠡᠳᠪᠦᠷᠢ ᠶᠢᠨ ᠲᠣᠨᠣᠭ ᠲᠥᠬᠥᠭᠡᠷᠦᠮᠵᠢ ᠶᠢᠨ ᠰᠠᠭᠤᠷᠢᠯᠠᠭᠤᠯᠤᠯᠲᠠ᠂ ᠲᠤᠷᠰᠢᠯᠲᠠ ᠲᠣᠬᠢᠷᠠᠭᠤᠯᠭ᠎ᠠ ᠶᠢᠨ ᠱᠠᠲᠤᠨ ᠠᠴᠠ ᠡᠬᠢᠯᠡᠨ ᠳᠠᠳᠤᠯᠭᠠᠵᠢᠵᠤ᠂ 2025 ᠣᠨ ᠤ ᠨᠠᠢᠮᠠᠳᠤᠭᠠᠷ ᠰᠠᠷ᠎ᠠ ᠶᠢᠨ ᠨᠢᠭᠡᠨ ᠡᠴᠡ ᠠᠵᠢᠯ ᠳᠤ ᠪᠠᠨ ᠣᠷᠣᠵᠠᠢ᠃



