2026 ᠣᠨ ᠤ ᠲᠠᠪᠤᠳᠤᠭᠠᠷ ᠰᠠᠷ᠎ᠠ ᠶᠢᠨ 28 ᠠᠴᠠ ᠵᠢᠷᠭᠤᠳᠤᠭᠠᠷ ᠰᠠᠷ᠎ᠠ ᠶᠢᠨ 7 ᠤ ᠡᠳᠦᠷ ᠦᠳ ᠲᠦ ᠮᠣᠩᠭᠣᠯ ᠤᠯᠤᠰ ᠲᠤ ᠵᠣᠬᠢᠶᠠᠨ ᠪᠠᠢᠭᠤᠯᠤᠭᠳᠠᠬᠤ ᠠᠽᠢᠶ᠎ᠠ ᠲᠢᠪ ᠦᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠠᠽᠢᠶ᠎ᠠ ᠶᠢᠨ ᠰᠢᠯᠢᠳᠡᠭ ᠶᠡᠬᠡ ᠮᠠᠰᠲ᠋ᠸᠷ᠂ ᠣᠯᠠᠨ ᠤᠯᠤᠰ ᠤᠨ ᠮᠠᠰᠲ᠋ᠸᠷ ᠪᠣᠯᠤᠨ ᠲᠢᠪ ᠦᠨ 26 ᠣᠷᠣᠨ ᠤ 248 ᠬᠦᠴᠦᠲᠦ ᠰᠢᠲᠠᠷᠠᠴᠢᠳ ᠥᠷᠢᠰᠦᠯᠳᠦᠨ᠎ᠡ᠃
ᠡᠨᠡ ᠬᠦ ᠨᠡᠷ᠎ᠡ ᠬᠦᠨᠳᠦᠲᠡᠢ ᠲᠡᠮᠡᠴᠡᠭᠡᠨ ᠨᠢ ᠮᠣᠩᠭᠣᠯ ᠤᠨ ᠰᠢᠲᠠᠷ᠎ᠠ ᠶᠢᠨ ᠰᠫᠣᠷᠲ ᠤᠨ ᠬᠥᠭᠵᠢᠯ᠂ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠳᠤ ᠴᠢᠬᠤᠯᠠ ᠬᠤᠪᠢ ᠨᠡᠮᠡᠷᠢ ᠣᠷᠣᠭᠤᠯᠬᠤ ᠶᠢᠨ ᠵᠡᠷᠭᠡᠴᠡᠭᠡ ᠡᠬᠡ ᠣᠷᠣᠨ ᠳᠤ ᠪᠠᠨ ᠳᠡᠯᠡᠬᠡᠢ ᠶᠢᠨ ᠲᠦᠪᠰᠢᠨ ᠦ ᠲᠡᠮᠡᠴᠡᠭᠡᠨ ᠢ ᠬᠦᠯᠢᠶᠡᠨ ᠠᠪᠬᠤ ᠲᠡᠦᠬᠡᠨ ᠦᠢᠯᠡ ᠶᠠᠪᠤᠳᠠᠯ ᠪᠣᠯᠵᠤ ᠪᠠᠢᠨ᠎ᠠ᠃ ᠲᠡᠮᠡᠴᠡᠭᠡᠨ ᠨᠡᠢᠰᠯᠡᠯ ᠤᠯᠠᠭᠠᠨᠪᠠᠭᠠᠲᠤᠷ ᠬᠣᠲᠠ ᠶᠢᠨ ᠪᠠᠶᠠᠩᠭᠤᠤᠯ ᠵᠣᠴᠢᠳ ᠪᠠᠭᠤᠳᠠᠯ ᠳᠤ ᠡᠬᠢᠯᠡᠬᠦ ᠳᠦ 10 ᠬᠣᠨᠣᠭ ᠦᠯᠡᠳᠡᠯ᠎ᠡ ᠭᠡᠵᠦ ᠮᠣᠩᠭᠣᠯ ᠤᠨ ᠦᠨᠳᠦᠰᠦᠨ ᠦ ᠣᠯᠢᠮᠫ ᠤᠨ ᠬᠣᠷᠢᠶᠠᠨ ᠠᠴᠠ ᠮᠡᠳᠡᠭᠡᠯᠡᠯ᠎ᠡ᠃



