ᠴᠣᠢᠷ᠂ ᠵᠠᠮ ᠤᠨ-ᠡᠭᠦᠳᠡ  ᠬᠦᠨᠳᠦ ᠳᠠᠭᠠᠭᠠᠴᠠ ᠶᠢᠨ ᠵᠠᠮ  ᠪᠠᠷᠢᠨ᠎ᠠ | News.MN

ᠴᠣᠢᠷ᠂ ᠵᠠᠮ ᠤᠨ-ᠡᠭᠦᠳᠡ  ᠬᠦᠨᠳᠦ ᠳᠠᠭᠠᠭᠠᠴᠠ ᠶᠢᠨ ᠵᠠᠮ  ᠪᠠᠷᠢᠨ᠎ᠠ

ᠴᠣᠢᠷ-ᠵᠠᠮ ᠤᠨ ᠡᠭᠦᠳᠡ ᠶᠢᠨ 435 ᠺᠢᠯᠣᠮᠧᠲ᠋ᠷ ᠤᠷᠲᠤ᠂ ᠬᠦᠨᠳᠦ ᠳᠠᠭᠠᠭᠠᠴᠠ ᠶᠢᠨ ᠲᠤᠰᠬᠠᠢ ᠵᠣᠷᠢᠭᠤᠯᠤᠯᠲᠠ ᠶᠢᠨ ᠠᠦ᠋ᠲ᠋ᠣ᠋ ᠵᠠᠮ  ᠢ 05 ᠰᠠᠷ᠎ᠠ ᠶᠢᠨ 17  ᠡᠴᠡ ᠲᠥᠷᠥ᠂ ᠬᠤᠪᠢ ᠶᠢᠨ ᠬᠡᠪᠰᠢᠯ ᠦᠨ ᠲᠦᠩᠰᠢᠯᠡᠯ ᠦᠨ ᠬᠦᠷᠢᠶᠡᠨ ᠳᠦ ᠪᠠᠷᠢᠵᠤ ᠡᠬᠢᠯᠡᠪᠡ᠃

ᠡᠨᠡ ᠵᠠᠮ ᠮᠠᠨ ᠤ ᠤᠯᠤᠰ ᠲᠤ ᠬᠤᠪᠢ ᠶᠢᠨ ᠬᠥᠷᠥᠩᠭᠡ ᠣᠷᠣᠭᠤᠯᠤᠯᠲᠠ ᠪᠠᠷ ᠬᠡᠷᠡᠭᠵᠢᠬᠦ ᠳᠡᠳ᠋ ᠪᠦᠲᠦᠴᠡ ᠶᠢᠨ ᠰᠢᠨ᠎ᠡ ᠵᠢᠱᠢᠭ ᠪᠣᠯᠬᠤ ᠪᠣᠯᠤᠮᠵᠢ ᠲᠠᠢ᠃ ᠲᠥᠷᠥ ᠡᠴᠡ ᠰᠢᠭᠤᠳ ᠬᠥᠷᠥᠩᠭᠡ᠂ ᠠᠵᠢᠯᠯᠠᠬᠤ ᠬᠦᠴᠦ ᠭᠠᠷᠭᠠᠬᠤ ᠦᠭᠡᠢ ᠪᠡᠷ 30 ᠵᠢᠯ ᠦᠨ ᠳᠠᠷᠠᠭ᠎ᠠ ᠰᠲ᠋ᠠᠨᠳᠠᠷᠲ ᠤᠨ ᠱᠠᠭᠠᠷᠳᠠᠯᠭ᠎ᠠ ᠬᠠᠩᠭᠠᠭᠰᠠᠨ᠂ ᠢᠵᠢ ᠪᠦᠷᠢᠨ ᠶᠡᠬᠡ ᠵᠠᠰᠠᠪᠤᠷᠢ ᠬᠢᠭᠳᠡᠭᠰᠡᠨ᠂ ᠠᠦ᠋ᠲ᠋ᠣ᠋ ᠵᠠᠮ ᠢ ᠦᠨ᠎ᠡ ᠲᠥᠯᠦᠪᠦᠷᠢ ᠦᠭᠡᠢ ᠬᠦᠯᠢᠶᠡᠨ ᠠᠪᠤᠨ᠎ᠠ᠃

ᠲᠥᠰᠥᠯ ᠦᠨ ᠨᠡᠢᠲᠡ ᠬᠥᠷᠥᠩᠭᠡ ᠣᠷᠣᠭᠤᠯᠤᠯᠲᠠ ᠶᠢ ᠣᠢᠷᠠᠯᠴᠠᠭ᠎ᠠ ᠪᠠᠷ 500 ᠰᠠᠶ᠎ᠠ ᠳ᠋ᠣᠯᠯᠠᠷ ᠢᠶᠠᠷ ᠲᠣᠭᠠᠴᠠᠵᠤ᠂ 70᠄30 ᠬᠠᠷᠢᠴᠠᠭ᠎ᠠ ᠲᠠᠢ ᠵᠢᠭᠡᠯᠡ ᠪᠣᠯᠤᠨ ᠬᠥᠷᠥᠩᠭᠡ ᠣᠷᠣᠭᠤᠯᠤᠯᠲᠠ ᠶᠢᠨ ᠡᠬᠢ ᠡᠭᠦᠰᠪᠦᠷᠢ ᠪᠡᠷ ᠰᠠᠩᠬᠦᠦᠵᠢᠭᠦᠯᠦᠨ᠎ᠡ᠃《ᠬᠢᠲᠠᠳ ᠤᠨ ᠪᠠᠷᠢᠯᠭ᠎ᠠ ᠶᠢᠨ ᠢᠨᠵᠧᠨᠧᠷ ᠦᠨ ᠵᠢᠷᠭᠤᠳᠤᠭᠠᠷ ᠲᠣᠪᠴᠢᠶ᠎ᠠ》 ᠺᠣᠮᠫᠠᠨᠢ ᠵᠠᠮ ᠢ ᠳᠣᠯᠣᠭᠠᠨ ᠬᠡᠰᠡᠭ ᠲᠦ ᠬᠤᠪᠢᠶᠠᠨ᠂ ᠳᠣᠯᠣᠭᠠᠨ ᠵᠠᠮ ᠤᠨ ᠠᠩᠭᠢ ᠪᠠᠨ ᠠᠵᠢᠯᠯᠠᠭᠤᠯᠤᠨ᠎ᠠ ᠭᠡᠵᠦ ᠵᠠᠮ ᠲᠡᠭᠡᠭᠡᠪᠦᠷᠢ ᠶᠢᠨ ᠶᠠᠮᠤᠨ ᠮᠡᠳᠡᠭᠡᠯᠡᠪᠡ᠃

ᠰᠡᠳᠬᠢᠭᠳᠡᠯ ᠦᠯᠡᠳᠡᠭᠡᠬᠦ