ᠮᠣᠩᠭᠣᠯ ᠤᠨ ᠠᠩᠬᠠᠨ ᠤ ᠷᠠᠪᠨᠠᠢ ᠰᠦᠩᠱᠦᠭ ᠲᠠᠢ ᠮᠥᠷᠭᠥᠯ ᠦᠨ ᠰᠤᠪᠤᠷᠭ᠎ᠠ ᠬᠡᠮᠡᠭ᠍ᠳᠡᠳᠡᠭ ᠠᠯᠲᠠᠨ ᠰᠤᠪᠤᠷᠭ᠎ᠠ ᠶᠢ ᠲᠤᠰ ᠬᠡᠢᠢᠳ ᠦᠨ ᠨᠣᠮᠴᠢ ᠴᠣᠷᠵᠢ ᠳ᠋ᠠᠬᠪᠠᠳᠠᠷᠵᠢᠶᠠ IV ᠪᠣᠭᠳᠠ ᠭᠡᠭᠡᠨ ᠵᠢᠪᠽᠤᠨᠳᠠᠮᠪᠠ ᠬᠤᠲᠤᠭᠲᠤ ᠳᠤ ᠵᠣᠷᠢᠭᠤᠯᠤᠨ 1799 ᠣᠨ ᠳᠤ ᠪᠦᠲᠦᠭᠡᠯᠭᠡᠭ᠍ᠰᠡᠨ ᠲᠡᠦᠬᠡ ᠲᠠᠢ᠃ ᠤᠭ ᠰᠤᠪᠤᠷᠭ᠎ᠠ ᠶᠢ ᠰᠦᠰᠦᠭ᠍ᠲᠡᠨ ᠣᠯᠠᠨ 1799-1937 ᠣᠨ ᠭᠦᠷᠲᠡᠯ᠎ᠡ ᠬᠠᠢᠷᠠᠯᠠᠨ ᠬᠠᠮᠠᠭᠠᠯᠠᠵᠤ ᠢᠷᠡᠭ᠍ᠰᠡᠨ ᠴᠣ 1937-1949 ᠣᠨ ᠳᠤ ᠣᠷᠬᠢᠭ᠌ᠳᠠᠨ ᠬᠠᠶᠠᠭᠳᠠᠭᠰᠠᠨ ᠪᠠᠢᠭᠰᠠᠨ ᠢ ᠡᠷᠳᠡᠨᠢ ᠵᠤᠤ ᠬᠡᠢᠢᠳ ᠦᠨ ᠴᠣᠭᠴᠠᠯᠠᠪᠤᠷᠢ ᠶᠢ ᠱᠠᠰᠢᠨ ᠤ ᠲᠡᠦᠬᠡ ᠶᠢᠨ ᠮᠦᠽᠧᠢ ᠪᠤᠯᠭᠠᠬᠤ ᠰᠠᠨᠠᠭᠠᠴᠢᠯᠠᠭ᠎ᠠ ᠶᠢᠨ ᠬᠦᠷᠢᠶᠡᠨ ᠳᠦ ᠠᠩᠬ᠎ᠠ ᠤᠳᠠᠭ᠎ᠠ ᠰᠡᠷᠭᠦᠭᠡᠨ ᠵᠠᠰᠠᠪᠤᠷᠢᠯᠠᠵᠤ ᠪᠠᠢᠵᠠᠢ᠃
ᠡᠭᠦᠨ ᠡᠴᠡ ᠬᠣᠢᠰᠢ ᠶᠠᠮᠠᠷ ᠨᠢᠭᠡ ᠵᠠᠰᠠᠪᠤᠷᠢ ᠬᠢᠭᠡ ᠦᠭᠡᠢ ᠪᠠᠢᠭᠰᠠᠨ ᠪᠣᠯ ᠠᠮᠧᠷᠢᠺᠠ ᠶᠢᠨ ᠡᠯᠴᠢᠨ ᠰᠠᠢᠳ ᠤᠨ ᠶᠠᠮᠤᠨ ᠤ ᠳᠡᠷᠭᠡᠳᠡᠬᠢ ᠰᠣᠶᠣᠯ ᠤᠨ ᠥᠪ ᠢ ᠬᠠᠳᠠᠭᠠᠯᠠᠬᠤ᠂ ᠬᠠᠮᠠᠭᠠᠯᠠᠬᠤ ᠰᠠᠩ᠂ ᠳᠡᠯᠡᠬᠡᠢ ᠶᠢᠨ ᠬᠥᠰᠢᠶ᠎ᠡ ᠳᠤᠷᠠᠰᠬᠠᠯ ᠤᠨ ᠰᠠᠩ ᠤᠨ ᠬᠠᠮᠲᠤᠷᠠᠭᠰᠠᠨ ᠬᠥᠷᠥᠩᠭᠡ ᠣᠷᠣᠭᠤᠯᠤᠯᠲᠠ ᠪᠠᠷ 2028 ᠣᠨ ᠤ 5 ᠰᠠᠷ᠎ᠠ ᠬᠦᠷᠲᠡᠯᠡᠬᠢ ᠬᠣᠶᠠᠷ ᠵᠢᠯ ᠦᠨ ᠬᠤᠭᠤᠴᠠᠭᠠᠨ ᠳᠤ ᠰᠡᠷᠭᠦᠭᠡᠨ ᠵᠠᠰᠠᠪᠤᠷᠢᠯᠠᠬᠤ ᠪᠠᠷ ᠪᠣᠯᠵᠠᠢ᠃
ᠵᠠᠰᠠᠪᠤᠷᠢ ᠬᠢᠬᠦ ᠲᠥᠰᠥᠯ ᠦᠨ ᠨᠡᠭᠡᠭᠡᠯᠲᠡ ᠶᠢᠨ ᠦᠶ᠎ᠡ ᠪᠡᠷ ᠠᠮᠧᠷᠢᠺᠠ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠳ ᠷᠢᠴᠠᠷᠲ ᠪᠤᠢᠩᠭᠠᠨ ᠬᠡᠯᠡᠭ᠍ᠰᠡᠨ ᠦᠭᠡᠨ ᠳᠦ ᠪᠡᠨ᠄ ᠡᠨᠡ ᠬᠦ ᠳᠤᠭᠠᠩ ᠢ ᠬᠠᠮᠠᠭᠠᠯᠠᠵᠤ᠂ ᠰᠡᠷᠭᠦᠭᠡᠨ ᠬᠠᠳᠠᠭᠠᠯᠠᠬᠤ ᠠᠵᠢᠯ ᠨᠢ ᠠᠮᠧᠷᠢᠺᠠ ᠪᠣᠯᠣᠨ ᠮᠣᠩᠭᠣᠯ ᠤᠯᠤᠰ ᠤᠨ ᠬᠣᠭᠣᠷᠣᠨᠳᠤ ᠲᠣᠭᠲᠠᠭᠰᠠᠨ ᠪᠠᠲᠤ ᠪᠦᠭᠡ ᠲᠦᠩᠰᠢᠯᠡᠯ ᠦᠨ ᠲᠣᠳᠣ ᠢᠯᠡᠷᠬᠡᠢᠢᠯᠡᠯ ᠶᠤᠮ᠃ ᠪᠢᠳᠡ ᠬᠠᠮᠲᠤ ᠳᠤ ᠪᠠᠨ ᠡᠨᠡ ᠬᠦ ᠦᠨᠡᠲᠦ ᠰᠣᠶᠣᠯ ᠤᠨ ᠥᠪ ᠢ ᠬᠠᠮᠠᠭᠠᠯᠠᠭᠰᠠᠨ ᠢᠶᠠᠷ ᠢᠷᠡᠭᠡᠳᠦᠢ ᠦᠶ᠎ᠡ ᠶᠢᠨ ᠭᠢᠨ ᠳᠦ ᠪᠡᠨ ᠥᠪᠯᠡᠭᠦᠯᠦᠨ ᠦᠯᠡᠳᠡᠭᠡᠬᠦ ᠴᠢᠬᠤᠯᠠ ᠦᠢᠯᠡᠰ ᠢ ᠬᠡᠷᠡᠭ᠍ᠵᠢᠭᠦᠯᠵᠦ ᠪᠠᠢᠨ᠎ᠠ ᠬᠡᠮᠡᠨ ᠣᠨᠴᠠᠯᠠᠯ᠎ᠠ᠃



