《ᠳᠡᠯᠡᠬᠡᠢ ᠶᠢᠨ ᠠᠳᠤᠭᠤᠨ ᠤ ᠡᠳᠦᠷ》 ᠢ ᠲᠡᠮᠳᠡᠭᠯᠡᠬᠦ ᠲᠤᠬᠠᠢ ᠡᠭᠡᠯᠵᠢᠲᠦ ᠬᠤᠷᠠᠯ ᠢᠶᠠᠨ ᠬᠢᠯ᠎ᠡ | News.MN

《ᠳᠡᠯᠡᠬᠡᠢ ᠶᠢᠨ ᠠᠳᠤᠭᠤᠨ ᠤ ᠡᠳᠦᠷ》 ᠢ ᠲᠡᠮᠳᠡᠭᠯᠡᠬᠦ ᠲᠤᠬᠠᠢ ᠡᠭᠡᠯᠵᠢᠲᠦ ᠬᠤᠷᠠᠯ ᠢᠶᠠᠨ ᠬᠢᠯ᠎ᠡ

ᠮᠣᠩᠭᠣᠯ ᠤᠯᠤᠰ ᠤᠨ ᠶᠡᠷᠦᠩᠬᠡᠢᠯᠡᠭᠴᠢ ᠶᠢᠨ 2025 ᠣᠨ ᠤ 26 ᠳ᠋ᠤᠭᠠᠷ ᠵᠠᠬᠢᠷᠤᠮᠵᠢ ᠪᠠᠷ ᠪᠠᠢᠭᠤᠯᠤᠭᠳᠠᠭᠰᠠᠨ 《ᠳᠡᠯᠡᠬᠡᠢ ᠶᠢᠨ ᠠᠳᠤᠭᠤᠨ ᠤ ᠡᠳᠦᠷ》 ᠢ ᠵᠣᠬᠢᠶᠠᠨ ᠪᠠᠢᠭᠤᠯᠬᠤ ᠠᠵᠢᠯ ᠤᠨ ᠬᠡᠰᠡᠭ ᠦᠨ ᠡᠭᠡᠯᠵᠢᠲᠦ ᠬᠤᠷᠠᠯ 05 ᠰᠠᠷ᠎ᠠ ᠶᠢᠨ 25 ᠳᠦ ᠪᠣᠯᠤᠯ᠎ᠠ᠃ ᠬᠤᠷᠠᠯ ᠢᠶᠠᠷ 《ᠳᠡᠯᠡᠬᠡᠢ ᠶᠢᠨ ᠠᠳᠤᠭᠤᠨ ᠤ ᠡᠳᠦᠷ》 ᠠᠷᠭ᠎ᠠ ᠬᠡᠮᠵᠢᠶᠡᠨ ᠦ ᠰᠤᠶᠤᠯ᠂ ᠤᠷᠠᠯᠢᠭ ᠤᠨ ᠦᠢᠯᠡ ᠠᠵᠢᠯᠯᠠᠭᠠᠨ ᠤ ᠪᠡᠯᠡᠳᠬᠡᠯ ᠠᠵᠢᠯ᠂ ᠵᠣᠬᠢᠶᠠᠨ ᠪᠠᠢᠭᠤᠯᠤᠯᠲᠠ ᠶᠢᠨ ᠶᠠᠪᠤᠴᠠ᠂ ᠣᠯᠠᠨ ᠤᠯᠤᠰ ᠤᠨ ᠵᠣᠴᠢᠳ ᠲᠥᠯᠥᠭᠡᠯᠡᠭᠴᠢᠳ ᠢ ᠬᠦᠯᠢᠶᠡᠨ ᠠᠪᠬᠤ ᠪᠡᠯᠡᠳᠬᠡᠯ᠂ ᠳᠡᠳ᠋ ᠪᠦᠲᠦᠴᠡ᠂ ᠴᠠᠬᠢᠯᠭᠠᠨ ᠳᠠᠮᠵᠢᠭᠤᠯᠬᠤ ᠱᠤᠭᠤᠮ᠂ ᠡᠷᠴᠢᠮ ᠬᠦᠴᠦᠨ ᠦ ᠡᠬᠢ ᠡᠭᠦᠰᠪᠦᠷᠢ᠂ ᠮᠣᠷᠢᠲᠤ ᠵᠢᠭᠰᠠᠭᠠᠯ ᠵᠣᠬᠢᠶᠠᠨ ᠪᠠᠢᠭᠤᠯᠬᠤ ᠪᠡᠯᠡᠳᠬᠡᠯ ᠠᠵᠢᠯ ᠪᠣᠯᠤᠨ ᠪᠤᠰᠤᠳ ᠬᠣᠯᠪᠣᠭᠳᠠᠬᠤ ᠠᠰᠠᠭᠤᠳᠠᠯ ᠢ ᠬᠡᠯᠡᠯᠴᠡᠪᠡ᠃

ᠮᠥᠨ ᠠᠵᠢᠯ ᠤᠨ ᠬᠡᠰᠡᠭ ᠦᠨ ᠭᠡᠰᠢᠭᠦᠳ ᠠᠵᠢᠯ᠂ ᠦᠢᠯᠡ ᠠᠵᠢᠯᠯᠠᠭᠠᠨ ᠤ ᠶᠠᠪᠤᠴᠠ ᠶᠢ ᠲᠠᠨᠢᠯᠴᠠᠭᠤᠯᠵᠤ᠂ ᠰᠠᠨᠠᠯ ᠰᠣᠯᠢᠯᠴᠠᠭᠰᠠᠨ ᠪᠥᠭᠡᠳ ᠳᠡᠳ᠋ ᠪᠦᠲᠦᠴᠡ᠂ ᠡᠷᠴᠢᠮ ᠬᠦᠴᠦᠨ ᠦ ᠬᠠᠩᠭᠠᠮᠵᠢ᠂ ᠣᠷᠣᠨ ᠨᠤᠲᠤᠭ ᠠᠴᠠ ᠢᠷᠡᠵᠦ ᠤᠷᠤᠯᠴᠠᠬᠤ ᠮᠣᠷᠢᠳ ᠤᠨ ᠲᠡᠭᠡᠭᠡᠪᠦᠷᠢᠯᠡᠯᠲᠡ᠂ ᠪᠡᠯᠴᠢᠭᠡᠷ ᠦᠨ ᠵᠣᠬᠢᠶᠠᠨ ᠪᠠᠢᠭᠤᠯᠤᠯᠲᠠ ᠶᠢᠨ ᠠᠰᠠᠭᠤᠳᠠᠯ ᠢ ᠬᠡᠯᠡᠯᠴᠡᠨ ᠰᠢᠢᠳᠪᠦᠷᠢᠯᠡᠯ᠎ᠡ᠃ ᠮᠠᠯ ᠡᠮᠨᠡᠯᠭᠡ ᠶᠢᠨ ᠶᠡᠷᠦᠩᠬᠡᠢ ᠭᠠᠵᠠᠷ ᠠᠴᠠ ᠭᠠᠳᠠᠭᠠᠳᠤ ᠤᠯᠤᠰ ᠣᠷᠣᠨ ᠠᠴᠠ ᠤᠷᠤᠯᠴᠠᠬᠤ ᠮᠣᠷᠢᠳ ᠲᠤᠬᠠᠢ ᠶᠢᠨ ᠤᠯᠤᠰ ᠲᠤ ᠪᠠᠨ 21 ᠬᠣᠨᠣᠭ ᠤᠨ ᠲᠤᠰᠠᠭᠠᠷᠯᠠᠯᠲᠠ ᠳᠤ ᠬᠠᠮᠤᠷᠤᠭᠳᠠᠭᠰᠠᠨ ᠪᠠᠢᠬᠤ᠂ ᠸᠠᠺᠼᠢᠨ ᠤ ᠭᠡᠷᠡᠴᠢᠯᠡᠭᠡ᠂ ᠰᠢᠨᠵᠢᠯᠡᠭᠡᠨ ᠦ ᠪᠠᠷᠢᠮᠲᠠ ᠪᠢᠴᠢᠭ ᠢ ᠦᠨᠳᠦᠰᠦᠯᠡᠨ ᠣᠷᠤᠯᠴᠠᠭᠤᠯᠬᠤ ᠲᠠᠯ᠎ᠠ ᠪᠠᠷ ᠮᠡᠳᠡᠭᠡᠯᠡᠪᠡ᠃ ᠬᠠᠷᠢᠨ ᠣᠷᠣᠨ ᠨᠤᠲᠤᠭ ᠠᠴᠠ ᠤᠷᠤᠯᠴᠠᠬᠤ ᠮᠣᠷᠢᠳ ᠢ ᠲᠤᠬᠠᠢ ᠶᠢᠨ ᠠᠢᠮᠠᠭ ᠤᠨ ᠮᠠᠯ ᠡᠮᠨᠡᠯᠭᠡ ᠶᠢᠨ ᠭᠠᠵᠠᠷ ᠤᠨ ᠲᠣᠳᠣᠷᠬᠠᠢᠯᠠᠯᠲᠠᠳ ᠦᠨᠳᠦᠰᠦᠯᠡᠨ ᠪᠦᠷᠢᠳᠬᠡᠵᠦ᠂ ᠣᠷᠤᠯᠴᠠᠭᠤᠯᠬᠤ ᠪᠠᠷ ᠲᠣᠭᠲᠠᠭᠰᠠᠨ ᠲᠤᠬᠠᠢ ᠲᠠᠨᠢᠯᠴᠠᠭᠤᠯᠤᠯ᠎ᠠ᠃

ᠰᠡᠳᠬᠢᠭᠳᠡᠯ ᠦᠯᠡᠳᠡᠭᠡᠬᠦ