D∙ ᠨᠠᠴᠤᠭᠳᠣᠷᠵᠢ ᠶᠢᠨ ᠨᠡᠷᠡᠮᠵᠢᠲᠦ 《ᠳᠠᠪᠠᠯᠭ᠎ᠠ》ᠨᠠᠭᠠᠳᠤᠮ  ᠪᠣᠯᠪᠠ | News.MN

D∙ ᠨᠠᠴᠤᠭᠳᠣᠷᠵᠢ ᠶᠢᠨ ᠨᠡᠷᠡᠮᠵᠢᠲᠦ 《ᠳᠠᠪᠠᠯᠭ᠎ᠠ》ᠨᠠᠭᠠᠳᠤᠮ  ᠪᠣᠯᠪᠠ

ᠶᠡᠬᠡ ᠵᠣᠬᠢᠶᠠᠯᠴᠢ D∙ ᠨᠠᠴᠤᠭᠳᠣᠷᠵᠢ ᠶᠢᠨ ᠮᠡᠨᠳᠦᠯᠡᠭᠰᠡᠨ ᠦ 120 ᠵᠢᠯ ᠦᠨ ᠣᠢ ᠶᠢ ᠲᠣᠬᠢᠶᠠᠯᠳᠤᠭᠤᠯᠤᠨ 《ᠳᠠᠪᠠᠯᠭ᠎ᠠ》 ᠪᠣᠭᠣᠨᠢ ᠥᠭᠦᠯᠡᠯᠭᠡ ᠶᠢᠨ ᠨᠠᠭᠠᠳᠤᠮ ᠢ ᠡᠨᠡ ᠵᠢᠯ ᠶᠡᠬᠡ ᠵᠣᠬᠢᠶᠠᠯᠴᠢ ᠶᠢᠨ ᠨᠡᠷᠡᠮᠵᠢᠲᠦ ᠪᠣᠯᠭᠠᠨ ᠵᠣᠬᠢᠶᠠᠨ ᠪᠠᠢᠭᠤᠯᠤᠯ᠎ᠠ᠃ ᠲᠤᠰ ᠨᠠᠭᠠᠳᠤᠮ ᠨᠢ ᠠᠩᠬ᠎ᠠ 1998 ᠣᠨ ᠳᠤ ᠡᠭᠦᠰᠬᠡᠨ ᠪᠠᠢᠭᠤᠯᠤᠭᠳᠠᠭᠰᠠᠨ ᠠᠴᠠ ᠬᠣᠢᠰᠢ 28 ᠵᠢᠯ ᠦᠨ ᠬᠤᠭᠤᠴᠠᠭᠠᠨ ᠳᠤ ᠬᠣᠶᠠᠷ ᠵᠢᠯ ᠲᠤᠲᠤᠮ ᠳᠤ ᠲᠣᠭᠲᠠᠮᠠᠯ ᠪᠣᠯᠵᠤ ᠪᠠᠢᠨ᠎ᠠ᠃

《ᠳᠠᠪᠠᠯᠭ᠎ᠠ》ᠨᠠᠭᠠᠳᠤᠮ ᠨᠢ ᠵᠥᠪᠬᠡᠨ ᠰᠢᠯᠢᠳᠡᠭ ᠪᠦᠲᠦᠭᠡᠯ ᠢ ᠰᠢᠯᠭᠠᠷᠠᠭᠤᠯᠤᠭᠠᠳ ᠵᠣᠭᠰᠣᠬᠤ ᠦᠭᠡᠢ᠂ ᠦᠭᠡ ᠶᠢᠨ ᠤᠷᠠᠯᠢᠭ ᠢ ᠲᠠᠢᠰᠠᠨ ᠠᠴᠠ ᠠᠮᠢᠯᠠᠭᠤᠯᠬᠤ ᠤᠷᠠᠨ ᠤᠩᠰᠢᠯᠭ᠎ᠠ᠂ ᠵᠦᠴᠦᠭᠡᠴᠢᠯᠡᠭᠰᠡᠨ ᠲᠣᠭᠯᠠᠯᠲᠠ ᠲᠠᠢ ᠬᠣᠣᠰᠯᠠᠭᠤᠯᠳᠠᠭ ᠢᠶᠠᠷ ᠢᠶᠠᠨ ᠪᠤᠰᠤᠳ ᠤᠷᠤᠯᠳᠤᠭᠠᠨ ᠠᠴᠠ ᠣᠨᠴᠠᠯᠢᠭ ᠶᠤᠮ᠃ ᠡᠨᠡ ᠤᠳᠠᠭ᠎ᠠ ᠶᠢᠨ ᠨᠠᠭᠠᠳᠤᠮ ᠳᠤ ᠬᠡᠯᠡ ᠰᠢᠨᠵᠢᠯᠡᠯ᠂ ᠤᠳᠬ᠎ᠠ ᠵᠣᠬᠢᠶᠠᠯ ᠤᠨ ᠬᠥᠲᠥᠯᠪᠦᠷᠢ ᠳᠦ ᠰᠤᠷᠤᠯᠴᠠᠭᠴᠢ 50 ᠭᠠᠷᠤᠢ ᠣᠶᠤᠲᠠᠨ ᠤᠷᠠᠨ ᠪᠦᠲᠦᠭᠡᠯ ᠢᠶᠡᠨ ᠢᠷᠡᠭᠦᠯᠦᠭᠰᠡᠨ ᠡᠴᠡ ᠰᠢᠯᠭᠠᠷᠠᠭᠰᠠᠨ ᠰᠢᠯᠢᠳᠡᠭ 10 ᠪᠦᠲᠦᠭᠡᠯ ᠢ ᠲᠠᠢᠰᠠᠨ᠎ᠠ ᠲᠣᠯᠢᠯᠠᠭᠤᠯᠤᠯ᠎ᠠ᠃

ᠮᠥᠨ ᠡᠨᠡ ᠦᠶ᠎ᠡ ᠪᠡᠷ ᠰᠡᠭᠦᠯ ᠦᠨ ᠲᠠᠪᠤᠨ ᠨᠠᠭᠠᠳᠤᠮ ᠤᠨ ᠰᠢᠯᠢᠳᠡᠭ ᠪᠦᠲᠦᠭᠡᠯ ᠦᠳ ᠡᠴᠡ ᠪᠦᠷᠢᠳᠦᠭᠰᠡᠨ ᠡᠮᠬᠢᠳᠬᠡᠯ ᠢ ᠣᠯᠠᠨ ᠤ ᠬᠦᠷᠲᠡᠭᠡᠯ ᠪᠣᠯᠭᠠᠪᠠ᠃ ᠮᠣᠩᠭᠣᠯ ᠤᠨ ᠤᠷᠠᠨ ᠵᠣᠬᠢᠶᠠᠯ ᠤᠨ ᠢᠷᠡᠭᠡᠳᠦᠢ᠂ ᠵᠠᠯᠭᠠᠮᠵᠢ ᠬᠠᠯᠠᠭ᠎ᠠ ᠶᠢ ᠪᠡᠯᠡᠳᠬᠡᠬᠦ ᠶᠢᠨ ᠲᠤᠯᠠᠳᠠ ᠡᠨᠡ ᠴᠢᠭᠯᠡᠯ ᠢᠶᠡᠷ ᠰᠤᠷᠤᠯᠴᠠᠵᠤ ᠪᠤᠢ ᠣᠶᠤᠲᠠᠨ᠂ ᠵᠠᠯᠠᠭᠤᠴᠤᠳ ᠢ ᠲᠤᠤᠱᠲᠠᠢ ᠳᠡᠮᠵᠢᠬᠦ᠂ ᠣᠯᠠᠨ ᠤᠯᠤᠰ ᠤᠨ ᠲᠦᠪᠰᠢᠨ ᠳᠦ ᠤᠳᠬ᠎ᠠ ᠵᠣᠬᠢᠶᠠᠯ ᠰᠤᠳᠤᠯᠤᠯ᠂ ᠰᠢᠭᠦᠮᠵᠢ᠂ ᠤᠷᠠᠨ ᠵᠣᠬᠢᠶᠠᠯ ᠤᠨ ᠮᠡᠷᠭᠡᠵᠢᠯ ᠦᠨ ᠣᠷᠴᠢᠭᠤᠯᠤᠭᠴᠢᠳ ᠢ ᠪᠡᠯᠡᠳᠬᠡᠬᠦ ᠴᠢᠭᠯᠡᠯ ᠳᠦ ᠲᠥᠷᠥ ᠡᠴᠡ ᠠᠩᠬᠠᠷᠤᠯ ᠬᠠᠨᠳᠤᠭᠤᠯᠤᠨ ᠠᠵᠢᠯᠯᠠᠵᠤ ᠪᠠᠢᠭ᠎ᠠ ᠲᠠᠯ᠎ᠠ ᠪᠠᠷ ᠬᠣᠯᠪᠣᠭᠳᠠᠬᠤ ᠪᠠᠢᠭᠤᠯᠤᠯᠭ᠎ᠠ ᠶᠢᠨ ᠬᠥᠮᠥᠰ ᠬᠡᠯᠡᠵᠡᠢ᠃

ᠰᠡᠳᠬᠢᠭᠳᠡᠯ ᠦᠯᠡᠳᠡᠭᠡᠬᠦ