ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ 《ᠡᠷᠳᠡᠨᠢᠰ ᠮᠣᠩᠭᠣᠯ》ᠨᠢᠭᠡᠳᠦᠯ ᠦᠨ ᠬᠠᠷᠢᠶᠠᠨ ᠳᠤ ᠪᠤᠢ ᠠᠰᠢᠭ ᠦᠭᠡᠢ ᠠᠵᠢᠯᠯᠠᠭᠰᠠᠨ ᠲᠥᠷᠥ ᠶᠢᠨ ᠥᠮᠴᠢᠲᠤ 10 ᠺᠣᠮᠫᠠᠨᠢ ᠶᠢ ᠲᠠᠲᠠᠨ ᠪᠠᠭᠤᠯᠭᠠᠬᠤ ᠰᠢᠢᠳᠪᠦᠷᠢ ᠭᠠᠷᠭᠠᠯ᠎ᠠ᠃ ᠢᠩᠭᠢᠭᠰᠡᠨ ᠢᠶᠡᠷ ᠨᠡᠢᠲᠡ ᠳᠦ ᠪᠡᠨ 67 ᠲᠡᠷᠪᠤᠮ ᠲᠥᠭᠥᠷᠢᠭ ᠦᠨ ᠬᠡᠮᠨᠡᠯᠲᠡ ᠭᠠᠷᠤᠨ᠎ᠠ᠃ ᠮᠥᠨ ᠴᠠᠭᠠᠰᠢᠳᠠ ᠡᠷᠳᠡᠨᠢᠰ ᠮᠣᠩᠭᠣᠯ ᠢ ᠬᠥᠷᠥᠩᠭᠡ ᠶᠢᠨ ᠤᠳᠤᠷᠢᠳᠤᠯᠭ᠎ᠠ ᠶᠢᠨ ᠮᠡᠷᠭᠡᠵᠢᠯ ᠦᠨ ᠪᠠᠢᠭᠤᠯᠤᠯᠭ᠎ᠠ ᠪᠣᠯᠭᠠᠨ ᠥᠭᠡᠷᠡᠴᠢᠯᠡᠨ ᠵᠣᠬᠢᠶᠠᠨ ᠪᠠᠢᠭᠤᠯᠬᠤ ᠪᠠᠷ ᠠᠵᠢᠯᠯᠠᠵᠤ ᠪᠤᠢ᠃
《ᠡᠷᠳᠡᠨᠢᠰ ᠮᠣᠩᠭᠣᠯ》ᠨᠢᠭᠡᠳᠦᠯ ᠦᠨ ᠮᠡᠳᠡᠭᠡᠯᠡᠭᠰᠡᠨ ᠢᠶᠡᠷ ᠲᠤᠰ ᠨᠢᠭᠡᠳᠦᠯ ᠢᠷᠡᠬᠦ ᠰᠠᠷ᠎ᠠ ᠶᠢᠨ 15 ᠠᠴᠠ 《ᠴᠢᠩᠭᠢᠰ ᠬᠠᠭᠠᠨ ᠪᠠᠶᠠᠯᠢᠭ ᠤᠨ ᠰᠠᠩ》ᠺᠤᠨᠰᠤᠷᠲ᠋ᠢᠦᠮ ᠨᠡᠷ᠎ᠡ ᠲᠡᠢ ᠪᠡᠷ ᠦᠢᠯᠡ ᠠᠵᠢᠯᠯᠠᠭ᠎ᠠ ᠪᠠᠨ ᠦᠷᠭᠦᠯᠵᠢᠯᠡᠭᠦᠯᠬᠦ ᠪᠡᠷ ᠪᠣᠯᠵᠠᠢ᠃



