ᠳᠥᠷᠪᠡᠳᠦᠭᠡᠷ ᠰᠠᠷ᠎ᠠ ᠶᠢᠨ 15 ᠠᠴᠠ ᠡᠨᠡ ᠰᠠᠷ᠎ᠠ ᠶᠢᠨ 15 ᠤ ᠬᠣᠭᠣᠷᠣᠨᠳᠣ ᠦᠷᠭᠦᠯᠵᠢᠯᠡᠭᠰᠡᠨ ᠠᠵᠤ ᠠᠬᠤᠢ ᠶᠢᠨ ᠨᠢᠭᠡᠴᠡ᠂ ᠪᠠᠢᠭᠤᠯᠤᠯᠭ᠎ᠠ ᠶᠢᠨ ᠤᠯᠤᠰ ᠤᠨ ᠨᠠᠢᠢᠮᠠᠳᠠᠬᠢ ᠤᠳᠠᠭ᠎ᠠ ᠶᠢᠨ ᠲᠣᠭᠠᠯᠠᠯᠭ᠎ᠠ ᠳᠤ ᠣᠪᠰᠣ ᠠᠢᠮᠠᠭ ᠤᠨ 3344 ᠠᠵᠤ ᠠᠬᠤᠢ ᠶᠢᠨ ᠨᠢᠭᠡᠴᠡ᠂ ᠪᠠᠢᠭᠤᠯᠤᠯᠭ᠎ᠠ ᠬᠠᠮᠤᠷᠤᠭᠳᠠᠵᠠᠢ᠃ ᠲᠣᠭᠠᠯᠠᠯᠭ᠎ᠠ ᠳᠤ ᠬᠠᠮᠤᠷᠤᠭᠳᠠᠭᠰᠠᠨ ᠪᠠᠢᠭᠤᠯᠤᠯᠭ᠎ᠠ ᠨᠤᠭᠤᠳ ᠤᠨ 6 ᠬᠤᠪᠢ ᠨᠢ ᠲᠥᠷᠥ ᠶᠢᠨ ᠪᠠᠢᠭᠤᠯᠤᠯᠭ᠎ᠠ᠂ 10 ᠬᠤᠪᠢ ᠨᠢ ᠲᠥᠷᠥ ᠶᠢᠨ ᠪᠤᠰᠤ ᠪᠠᠢᠭᠤᠯᠤᠯᠭ᠎ᠠ᠂ 85 ᠬᠤᠪᠢ ᠨᠢ ᠠᠵᠤ ᠠᠬᠤᠢ ᠶᠢᠨ ᠨᠢᠭᠡᠴᠡ ᠨᠦᠭᠦᠳ ᠪᠠᠢᠪᠠ᠃
ᠤᠯᠠᠭᠠᠨ ᠭᠣᠮ ᠰᠤᠮᠤ ᠳᠤ 1757 ᠠᠵᠤ ᠠᠬᠤᠢ ᠶᠢᠨ ᠨᠢᠭᠡᠴᠡ᠂ ᠪᠠᠢᠭᠤᠯᠤᠯᠭ᠎ᠠ ᠲᠣᠭᠠᠯᠠᠭᠳᠠᠭᠰᠠᠨ ᠨᠢ ᠬᠠᠮᠤᠭ ᠤᠨ ᠥᠨᠳᠥᠷ ᠦᠵᠡᠭᠦᠯᠦᠯᠲᠡ ᠪᠣᠯ ᠵᠡᠭᠦᠨᠬᠠᠩᠭᠠᠢ ᠰᠤᠮᠤᠨ ᠳᠤ 6 ᠠᠵᠤ ᠠᠬᠤᠢ ᠶᠢᠨ ᠨᠢᠭᠡᠴᠡ᠂ ᠪᠠᠢᠭᠤᠯᠤᠯᠭ᠎ᠠ ᠬᠠᠮᠤᠷᠤᠭᠳᠠᠭᠰᠠᠨ ᠨᠢ ᠬᠠᠮᠤᠭ ᠤᠨ ᠪᠠᠭ᠎ᠠ ᠦᠵᠡᠭᠦᠯᠦᠯᠲᠡ ᠪᠣᠯᠵᠠᠢ᠃ ᠡᠨᠡ ᠬᠦ ᠲᠣᠭᠠᠯᠠᠯᠭ᠎ᠠ ᠨᠢ ᠠᠵᠤ ᠠᠬᠤᠢ ᠶᠢᠨ ᠨᠢᠭᠡᠴᠡ᠂ ᠪᠠᠢᠭᠤᠯᠤᠯᠭ᠎ᠠ ᠶᠢᠨ ᠪᠦᠲᠦᠴᠡ᠂ ᠦᠢᠯᠡ ᠠᠵᠢᠯᠯᠠᠭᠠᠨ ᠤ ᠲᠥᠯᠥᠪ ᠪᠠᠢᠳᠠᠯ ᠢ ᠲᠣᠳᠣᠷᠬᠠᠢᠯᠠᠵᠤ᠂ ᠬᠥᠭᠵᠢᠯ ᠦᠨ ᠪᠣᠳᠣᠯᠭ᠎ᠠ᠂ ᠲᠥᠯᠥᠪᠯᠡᠯᠲᠡ ᠳᠦ ᠠᠰᠢᠭᠯᠠᠬᠤ ᠰᠠᠭᠤᠷᠢ ᠮᠡᠳᠡᠭᠡᠯᠡᠯ ᠪᠦᠷᠢᠳᠦᠭᠦᠯᠬᠦ ᠵᠣᠷᠢᠯᠭ᠎ᠠ ᠲᠠᠢ ᠶᠤᠮ᠃



