ᠨᠡᠢᠰᠯᠡᠯ ᠦᠨ ᠵᠠᠰᠠᠭ ᠳᠠᠷᠤᠭ᠎ᠠ  ᠪᠠᠷ ᠪ ∙ ᠫᠦᠷᠪᠦᠳᠠᠭᠸᠠ ᠶᠢ ᠲᠣᠮᠢᠯᠠᠯ᠎ᠠ | News.MN

ᠨᠡᠢᠰᠯᠡᠯ ᠦᠨ ᠵᠠᠰᠠᠭ ᠳᠠᠷᠤᠭ᠎ᠠ  ᠪᠠᠷ ᠪ ∙ ᠫᠦᠷᠪᠦᠳᠠᠭᠸᠠ ᠶᠢ ᠲᠣᠮᠢᠯᠠᠯ᠎ᠠ

ᠲᠠᠪᠤᠳᠤᠭᠠᠷ ᠰᠠᠷ᠎ᠠ ᠶᠢᠨ 26 ᠳᠦ ᠪᠣᠯᠤᠭᠰᠠᠨ ᠨᠡᠢᠰᠯᠡᠯ ᠦᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠡᠭᠡᠯᠵᠢᠲᠦ ᠪᠤᠰᠤ  ᠠᠷᠪᠠᠨ ᠬᠣᠶᠠᠳᠤᠭᠠᠷ ᠬᠤᠷᠠᠯᠳᠤᠭᠠᠨ ᠢᠶᠠᠷ ᠨᠡᠢᠰᠯᠡᠯ ᠦᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠣᠲᠠ ᠶᠢᠨ ᠵᠠᠬᠢᠷᠤᠭᠴᠢ ᠪᠠᠷ ᠮᠣᠩᠭᠣᠯ ᠠᠷᠠᠳ ᠤᠨ ᠨᠠᠮ ᠤᠨ ᠤᠳᠤᠷᠢᠳᠬᠤ ᠵᠥᠪᠯᠡᠯ ᠦᠨ ᠭᠡᠰᠢᠭᠦᠨ᠂ ᠨᠠᠷᠢᠨ ᠪᠢᠴᠢᠭ ᠦᠨ ᠳᠠᠷᠤᠭ᠎ᠠ ᠪ ∙ ᠫᠦᠷᠪᠦᠳᠠᠭᠸᠠ  ᠶᠢ ᠨᠡᠷ᠎ᠡ ᠳᠡᠪᠰᠢᠭᠦᠯᠵᠦ᠂ ᠣᠯᠠᠩᠬᠢ ᠶᠢᠨ ᠰᠠᠨᠠᠯ ᠢᠶᠠᠷ ᠳᠡᠮᠵᠢᠭᠰᠡᠨ ᠶᠤᠮ᠃

ᠤᠯᠠᠮ ᠢᠶᠠᠷ ᠨᠡᠢᠰᠯᠡᠯ ᠦᠨ ᠢᠷᠭᠡᠳ ᠦᠨ ᠲᠥᠯᠥᠭᠡᠯᠡᠭᠴᠢᠳ ᠦᠨ ᠬᠤᠷᠠᠯ ᠠᠴᠠ ᠨᠡᠢᠰᠯᠡᠯ ᠦᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠣᠲᠠ ᠶᠢᠨ ᠵᠠᠬᠢᠷᠤᠭᠴᠢ ᠪᠠᠷ ᠲᠤᠮᠢᠯᠠᠬᠤ ᠲᠤᠬᠠᠢ ᠲᠣᠭᠲᠠᠭᠠᠯ ᠤᠨ ᠲᠥᠰᠥᠯ ᠢ ᠪᠠᠲᠤᠯᠠᠵᠤ᠂ ᠶᠡᠷᠦᠩᠬᠡᠢ ᠰᠠᠢᠳ ᠨ ∙ ᠤᠴᠠᠷᠠᠯ ᠳᠤ ᠤᠯᠠᠮᠵᠢᠯᠠᠭᠰᠠᠨ ᠢᠶᠠᠷ ᠪ ∙ ᠫᠦᠷᠪᠦᠳᠠᠭᠸᠠ ᠤᠯᠠᠭᠠᠨᠪᠠᠭᠠᠲᠤᠷ ᠬᠣᠲᠠ ᠶᠢᠨ 37 ᠳ᠋ᠡᠬᠢ ᠳᠠᠷᠤᠭ᠎ᠠ ᠪᠣᠯᠤᠯ᠎ᠠ᠃

ᠰᠡᠳᠬᠢᠭᠳᠡᠯ ᠦᠯᠡᠳᠡᠭᠡᠬᠦ