ᠨᠠᠰᠤᠨ ᠳᠤ ᠬᠦᠷᠦᠭ᠍ᠰᠡᠳ ᠦᠨ ᠠᠽᠢᠶ᠎ᠠ ᠲᠢᠪ ᠦᠨ ᠰᠢᠲᠠᠷ᠎ᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ 5 ᠳ᠋ᠤᠭᠠᠷ ᠰᠠᠷ᠎ᠠ ᠶᠢᠨ 28 ᠠᠴᠠ 6 ᠳ᠋ᠤᠭᠠᠷ ᠰᠠᠷ᠎ᠠ ᠶᠢᠨ 7 ᠳᠦ ᠤᠯᠠᠭᠠᠨᠪᠠᠭᠠᠲᠤᠷ ᠬᠣᠲᠠ ᠳᠤ ᠪᠣᠯᠤᠨ᠎ᠠ᠃ ᠮᠣᠩᠭᠣᠯ ᠤᠯᠤᠰ ᠲᠤ ᠠᠩᠬ᠎ᠠ ᠤᠳᠠᠭ᠎ᠠ ᠪᠣᠯᠬᠤ ᠭᠡᠵᠦ ᠪᠠᠢᠭ᠎ᠠ ᠡᠨᠡ ᠲᠡᠮᠡᠴᠡᠭᠡᠨ ᠢ ᠮᠣᠩᠭᠣᠯ ᠤᠨ ᠰᠢᠲᠠᠷ᠎ᠠ ᠶᠢᠨ ᠬᠣᠯᠪᠣᠭᠠᠨ ᠤ ᠶᠡᠷᠦᠩᠬᠡᠢᠯᠡᠭᠴᠢ ᠭ ∙ ᠽᠠᠨᠳᠠᠨᠰᠢᠲᠠᠷ᠎ᠠ ᠰᠠᠨᠠᠭᠠᠴᠢᠯᠠᠨ᠂ ᠡᠬᠡ ᠣᠷᠣᠨ ᠳᠤ ᠪᠠᠨ ᠵᠣᠬᠢᠶᠠᠨ ᠪᠠᠢᠭᠤᠯᠵᠤ ᠪᠤᠢ ᠠᠵᠠᠢ᠃
ᠤᠭ ᠲᠡᠮᠡᠴᠡᠭᠡᠨ ᠳᠦ ᠠᠽᠢᠶ᠎ᠠ ᠶᠢᠨ 27 ᠤᠯᠤᠰ ᠤᠨ 240 ᠭᠠᠷᠤᠢ ᠰᠢᠯᠢᠳᠡᠭ ᠰᠢᠲᠠᠷᠠᠴᠢᠨ ᠣᠷᠣᠯᠴᠠᠵᠤ᠂ ᠺᠯᠠᠰᠰᠢᠺ ᠴᠠᠭ ᠤᠨ ᠬᠢᠨᠠᠯᠲᠠ ᠲᠠᠢ ᠰᠲ᠋ᠠᠨᠳᠠᠷᠲ ᠲᠥᠷᠥᠯ ᠢᠶᠡᠷ ᠥᠷᠢᠰᠦᠯᠳᠦᠵᠦ᠂ ᠡᠨᠡ ᠲᠡᠮᠡᠴᠡᠭᠡᠨ ᠦ ᠢᠯᠠᠭᠴᠢᠳ 2027 ᠣᠨ ᠤ ᠳᠡᠯᠡᠬᠡᠢ ᠶᠢᠨ ᠴᠣᠮᠣ ᠶᠢᠨ ᠲᠡᠮᠡᠴᠡᠭᠡᠨ ᠳᠦ ᠤᠷᠤᠯᠴᠠᠬᠤ ᠡᠷᠬᠡ ᠠᠪᠤᠨ᠎ᠠ᠃ ᠨᠡᠭᠡᠭᠡᠯᠲᠡᠲᠡᠢ ᠠᠩᠭᠢᠯᠠᠯ ᠤᠨ ᠡᠬᠢᠨ ᠦ 5 ᠪᠠᠢᠷᠢ ᠪᠣᠯᠤᠨ ᠡᠮᠡᠭᠲᠡᠢ ᠰᠢᠲᠠᠷᠠᠴᠢᠳ ᠤᠨ ᠠᠪᠤᠷᠭᠤ ᠲᠠᠮᠢᠷᠴᠢᠨ ᠢᠷᠡᠬᠦ ᠵᠢᠯ ᠦᠨ ᠳᠡᠯᠡᠬᠡᠢ ᠶᠢᠨ ᠴᠣᠮᠣ ᠶᠢᠨ ᠲᠡᠮᠡᠴᠡᠭᠡᠨ ᠳᠦ ᠤᠷᠤᠯᠴᠠᠬᠤ ᠶᠤᠮ᠃



