ᠭᠣᠪᠢ ᠠᠯᠲᠠᠢ ᠶᠢᠨ ᠬᠢᠨ ᠦᠨᠳᠦᠰᠦᠨ ᠦ ᠮᠣᠩᠭᠣᠯ ᠪᠢᠴᠢᠭ ᠦᠨ ᠰᠢᠯᠢᠳᠡᠭ ᠪᠦᠲᠦᠭᠡᠯ ᠰᠢᠯᠭᠠᠷᠠᠭᠤᠯᠤᠨ᠎ᠠ | News.MN

ᠭᠣᠪᠢ ᠠᠯᠲᠠᠢ ᠶᠢᠨ ᠬᠢᠨ ᠦᠨᠳᠦᠰᠦᠨ ᠦ ᠮᠣᠩᠭᠣᠯ ᠪᠢᠴᠢᠭ ᠦᠨ ᠰᠢᠯᠢᠳᠡᠭ ᠪᠦᠲᠦᠭᠡᠯ ᠰᠢᠯᠭᠠᠷᠠᠭᠤᠯᠤᠨ᠎ᠠ

ᠭᠣᠪᠢ ᠠᠯᠲᠠᠢ ᠠᠢᠮᠠᠭ ᠤᠨ ᠵᠠᠰᠠᠭ ᠳᠠᠷᠤᠭ᠎ᠠ ᠪᠥᠭᠡᠳ ᠬᠡᠯᠡᠨ ᠦ ᠪᠣᠳᠣᠯᠭ᠎ᠠ ᠶᠢᠨ ᠰᠠᠯᠪᠤᠷᠢ ᠵᠥᠪᠯᠡᠯ ᠦᠨ ᠳᠠᠷᠤᠭ᠎ᠠ ᠭ ∙ ᠴᠢᠩᠪᠠᠲᠤ ᠶᠢᠨ ᠨᠡᠷᠡᠮᠵᠢᠲᠦ《ᠦᠨᠳᠦᠰᠦᠨ ᠦ ᠮᠣᠩᠭᠣᠯ ᠪᠢᠴᠢᠭ ᠦᠨ ᠰᠢᠯᠢᠳᠡᠭ ᠪᠦᠲᠦᠭᠡᠯ》 ᠰᠢᠯᠭᠠᠷᠠᠭᠤᠯᠬᠤ ᠤᠷᠤᠯᠳᠤᠭᠠᠨ ᠢ ᠵᠠᠷᠯᠠᠯ᠎ᠠ᠃

《ᠮᠣᠩᠭᠣᠯ ᠤᠯᠤᠰ ᠤᠨ ᠶᠡᠷᠦᠩᠬᠡᠢᠢᠯᠡᠭ᠍ᠴᠢ  ᠶᠢᠨ 2003 ᠣᠨ ᠤ 105 ᠳ᠋ᠤᠭᠠᠷ ᠵᠠᠷᠯᠢᠭ》᠂《ᠮᠣᠩᠭᠣᠯ ᠬᠡᠯᠡᠨ ᠦ ᠲᠤᠬᠠᠢ》 ᠬᠠᠤᠯᠢ᠂ 《ᠮᠣᠩᠭᠣᠯ ᠪᠢᠴᠢᠭ ᠦᠨ ᠦᠨᠳᠦᠰᠦᠨ ᠦ ᠬᠥᠲᠥᠯᠪᠦᠷᠢ –3》᠂ ᠠᠢᠮᠠᠭ ᠤᠨ ᠵᠠᠰᠠᠭ ᠳᠠᠷᠤᠭ᠎ᠠ ᠶᠢᠨ 2025 ᠣᠨ ᠤ 01  ᠳ᠋ᠤᠭᠡᠷ ᠠᠯᠪᠠᠨ ᠳᠠᠭᠠᠭᠠᠯᠭᠠᠪᠤᠷᠢ ᠶᠢᠨ ᠬᠡᠷᠡᠭᠵᠢᠯᠲᠡ ᠶᠢ ᠬᠠᠩᠭᠠᠬᠤ᠂ ᠮᠥᠨ ᠨᠢᠭᠡᠳᠦᠭᠰᠡᠨ ᠦᠨᠳᠦᠰᠦᠨ ᠦ ᠪᠠᠢᠭᠤᠯᠤᠯᠭ᠎ᠠ ᠶᠢᠨ ᠴᠥᠯᠵᠢᠯᠲᠡ ᠲᠡᠢ ᠲᠡᠮᠡᠴᠡᠬᠦ ᠺᠣᠨᠸᠧᠨᠼ ᠤᠨ  ᠲᠠᠯ᠎ᠠ ᠨᠤᠭᠤᠳ ᠤᠨ 17 ᠳ᠋ᠤᠭᠠᠷ ᠪᠠᠭ᠎ᠠ ᠬᠤᠷᠠᠯ︵COP-17) ᠶᠢᠨ ᠬᠦᠷᠢᠶᠡᠨ ᠳᠦ ᠡᠬᠡ ᠪᠠᠢᠭᠠᠯᠢ ᠪᠠᠨ ᠬᠠᠮᠠᠭᠠᠯᠠᠬᠤ᠂ ᠴᠥᠯᠵᠢᠯᠲᠡ ᠪᠣᠯᠤᠨ ᠭᠠᠵᠠᠷ ᠤᠨ ᠳᠣᠷᠣᠢᠲᠠᠯ ᠤᠨ ᠡᠰᠡᠷᠭᠦ ᠳᠠᠭᠤ ᠬᠣᠭᠣᠯᠠᠢ ᠪᠠᠨ ᠬᠦᠷᠭᠡᠬᠦ ᠵᠣᠷᠢᠯᠭ᠎ᠠ ᠪᠠᠷ ᠡᠨᠡ ᠬᠦ ᠤᠷᠤᠯᠳᠤᠭᠠᠨ ᠢ ᠵᠣᠬᠢᠶᠠᠨ ᠪᠠᠢᠭᠤᠯᠵᠤ ᠪᠠᠢᠨ᠎ᠠ᠃

ᠤᠷᠤᠯᠳᠤᠭᠠᠨ ᠢ ᠦᠨᠳᠦᠰᠦᠨ ᠦ ᠪᠢᠴᠢᠭ ᠦᠨ ᠬᠢᠴᠢᠶᠡᠩᠭᠦᠢ ᠪᠢᠴᠢᠭ ᠪᠣᠯᠤᠨ ᠺᠠᠯᠯᠢᠭᠷᠠᠹᠢ ᠶᠢᠨ ᠤᠷᠠᠨ ᠪᠢᠴᠢᠯᠭᠡ ᠶᠢᠨ ᠬᠣᠶᠠᠷ ᠲᠥᠷᠥᠯ ᠢᠶᠡᠷ ᠶᠠᠪᠤᠭᠤᠯᠬᠤ ᠪᠥᠭᠡᠳ ᠭᠣᠪᠢ-ᠠᠯᠲᠠᠢ ᠠᠢᠮᠠᠭ ᠤᠨ ᠬᠠᠷᠢᠶᠠᠲᠤ᠂ 18 ᠠᠴᠠ ᠳᠡᠭᠡᠭᠰᠢ ᠨᠠᠰᠤᠨ ᠤ ᠢᠷᠭᠡᠳ ᠤᠷᠤᠯᠴᠠᠬᠤ ᠪᠣᠯᠤᠮᠵᠢ ᠲᠠᠢ ᠶᠤᠮ᠃

ᠰᠡᠳᠬᠢᠭᠳᠡᠯ ᠦᠯᠡᠳᠡᠭᠡᠬᠦ