ᠵᠢᠷᠮᠦᠰᠦᠨ ᠡᠮᠡᠭᠲᠡᠢᠴᠦᠳ ᠢ ᠲᠠᠨᠢᠬᠤ ᠲᠡᠮᠳᠡᠭ ᠢ ᠵᠢᠷᠮᠦᠰᠦᠨ ᠡᠮᠡᠭᠲᠡᠢᠴᠦᠳ ᠦᠨ ᠠᠶᠤᠯᠭᠦᠢ ᠪᠠᠢᠳᠠᠯ᠂ ᠨᠡᠢᠭᠡᠮ ᠤᠨ ᠳᠡᠮᠵᠢᠯᠭᠡ ᠶᠢ ᠨᠡᠮᠡᠭᠳᠡᠭᠦᠯᠬᠦ᠂ ᠣᠯᠠᠨ ᠨᠡᠢᠲᠡ ᠶᠢᠨ ᠤᠷᠴᠢᠨ ᠳᠤ ᠲᠡᠳᠡᠨ ᠳᠦ ᠱᠠᠭᠠᠷᠳᠠᠯᠭ᠎ᠠ ᠲᠠᠢ ᠠᠩᠬᠠᠷᠤᠯ᠂ ᠣᠢᠯᠠᠭᠠᠯᠲᠠ ᠶᠢ ᠪᠤᠢ ᠪᠣᠯᠭᠠᠬᠤ ᠵᠣᠷᠢᠯᠭ᠎ᠠ ᠪᠠᠷ ᠡᠷᠦᠬᠡ᠂ ᠳᠡᠭᠦᠷᠭᠡ ᠶᠢᠨ ᠡᠷᠡᠭᠦᠯ ᠮᠡᠨᠳᠦ ᠶᠢᠨ ᠲᠥᠪ ᠢᠶᠡᠷ ᠳᠠᠮᠵᠢᠭᠤᠯᠤᠨ ᠲᠦᠭᠡᠭᠡᠵᠦ ᠡᠬᠢᠯᠡᠵᠡᠢ᠃
ᠲᠠᠨᠢᠬᠤ ᠲᠡᠮᠳᠡᠭ ᠢ ᠬᠡᠷᠡᠭᠯᠡᠭᠰᠡᠨ ᠢᠶᠡᠷ᠄ ᠵᠢᠷᠮᠦᠰᠦᠨ ᠡᠮᠡᠭᠲᠡᠢᠴᠦᠳ ᠲᠦ ᠣᠯᠠᠨ ᠨᠡᠢᠲᠡ ᠶᠢᠨ ᠭᠠᠵᠠᠷ᠂ ᠨᠡᠢᠲᠡ ᠶᠢᠨ ᠲᠡᠭᠡᠭᠡᠪᠦᠷᠢ ᠪᠣᠯᠤᠨ ᠦᠢᠯᠡᠴᠢᠯᠡᠭᠡᠨ ᠦ ᠤᠷᠴᠢᠨ ᠳᠤ ᠱᠠᠭᠠᠷᠳᠠᠯᠭ᠎ᠠ ᠲᠠᠢ ᠳᠡᠮᠵᠢᠯᠭᠡ᠂ ᠬᠦᠨᠳᠦᠳᠬᠡᠯ ᠦᠵᠡᠭᠦᠯᠬᠦ ᠨᠥᠬᠥᠴᠡᠯ ᠢ ᠪᠦᠷᠢᠳᠦᠭᠦᠯᠬᠦ᠂ ᠵᠢᠷᠮᠦᠰᠦᠨ ᠦ ᠡᠬᠢᠨ ᠦᠶ᠎ᠡ ᠳᠦ ᠭᠠᠳᠠᠨ᠎ᠠ ᠠᠴᠠ ᠬᠠᠷᠠᠬᠤ ᠳᠤ ᠮᠡᠳᠡᠭᠳᠡᠬᠦ ᠦᠭᠡᠢ ᠲᠣᠬᠢᠶᠠᠯᠳᠤᠯ ᠳᠤ ᠪᠤᠰᠤᠳ ᠲᠤ ᠮᠡᠳᠡᠭᠡᠯᠡᠬᠦ ᠪᠣᠯᠤᠮᠵᠢ ᠶᠢ ᠨᠡᠮᠡᠭᠳᠡᠭᠦᠯᠬᠦ᠂ ᠵᠢᠷᠮᠦᠰᠦᠨ ᠡᠮᠡᠭᠲᠡᠢᠴᠦᠳ ᠲᠦ ᠡᠭᠡᠯᠢᠲᠡᠢ᠂ ᠳᠡᠮᠵᠢᠯᠭᠡ ᠲᠡᠢ ᠨᠡᠢᠭᠡᠮ ᠤᠨ ᠣᠷᠴᠢᠨ ᠢ ᠲᠥᠯᠦᠪᠰᠢᠭᠦᠯᠬᠦ ᠂ ᠵᠢᠷᠮᠦᠰᠦᠨ ᠡᠮᠡᠭᠲᠡᠢᠴᠦᠳ ᠦᠨ ᠠᠶᠤᠯᠭᠦᠢ ᠪᠠᠢᠳᠠᠯ ᠢ ᠬᠠᠩᠭᠠᠬᠤ ᠳᠤ ᠬᠤᠪᠢ ᠨᠡᠮᠡᠷᠢ ᠤᠷᠤᠭᠤᠯᠬᠤ ᠠᠴᠢ ᠬᠣᠯᠪᠣᠭᠳᠠᠯ ᠲᠠᠢ᠃



