ᠥᠪᠦᠷᠬᠠᠩᠭᠠᠢ ᠳᠤ ᠢᠷᠭᠡᠳ ᠦᠨ ᠡᠷᠡᠭᠦᠯ ᠮᠡᠨᠳᠦ ᠶᠢ ᠤᠯᠠᠮᠵᠢᠯᠠᠯᠲᠤ ᠠᠨᠠᠭᠠᠬᠤ ᠤᠬᠠᠭᠠᠨ ᠢᠶᠠᠷ ᠳᠡᠮᠵᠢᠨ᠎ᠡ | News.MN

ᠥᠪᠦᠷᠬᠠᠩᠭᠠᠢ ᠳᠤ ᠢᠷᠭᠡᠳ ᠦᠨ ᠡᠷᠡᠭᠦᠯ ᠮᠡᠨᠳᠦ ᠶᠢ ᠤᠯᠠᠮᠵᠢᠯᠠᠯᠲᠤ ᠠᠨᠠᠭᠠᠬᠤ ᠤᠬᠠᠭᠠᠨ ᠢᠶᠠᠷ ᠳᠡᠮᠵᠢᠨ᠎ᠡ

ᠮᠣᠩᠭᠣᠯ ᠤᠨ ᠨᠢᠭᠡᠳᠦᠭᠰᠡᠨ ᠠᠨᠠᠭᠠᠬᠤ ᠤᠬᠠᠭᠠᠨ ᠤ ᠨᠡᠢᠭᠡᠮᠯᠢᠭ ᠦᠨ ᠲᠡᠷᠢᠭᠦᠨ ᠭ ∙ ᠮᠠᠰᠢᠪᠠᠲᠤ ᠲᠡᠷᠢᠭᠦᠲᠡᠢ ᠠᠵᠢᠯ ᠤᠨ ᠪᠠᠭ ᠥᠪᠦᠷᠬᠠᠩᠭᠠᠢ ᠠᠢᠮᠠᠭ ᠲᠤ ᠠᠵᠢᠯᠯᠠᠬᠤ ᠦᠶ᠎ᠡ ᠪᠡᠷ ᠢᠶᠡᠨ ᠠᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠼ ∙ ᠭᠠᠩᠪᠣᠯᠣᠳ ᠪᠣᠯᠤᠨ ᠰᠠᠯᠪᠤᠷᠢ ᠶᠢᠨ ᠤᠳᠤᠷᠢᠳᠤᠯᠭ᠎ᠠ᠂ ᠮᠡᠷᠭᠡᠵᠢᠯᠲᠡᠳ ᠲᠦ ᠮᠣᠩᠭᠣᠯ ᠤᠯᠤᠰ ᠤᠨ  ᠶᠡᠷᠦᠩᠬᠡᠢᠢᠯᠡᠭ᠍ᠴᠢ ᠶᠢᠨ 《ᠤᠯᠠᠮᠵᠢᠯᠠᠯᠲᠤ ᠠᠨᠠᠭᠠᠬᠤ ᠤᠬᠠᠭᠠᠨ ᠢ ᠬᠥᠭᠵᠢᠭᠦᠯᠬᠦ ᠲᠤᠬᠠᠢ》ᠵᠠᠷᠯᠢᠭ ᠢ ᠭᠠᠷᠳᠠᠭᠤᠯᠵᠤ᠂ ᠤᠯᠠᠮᠵᠢᠯᠠᠯᠲᠤ ᠠᠨᠠᠭᠠᠬᠤ ᠤᠬᠠᠭᠠᠨ ᠢ ᠬᠥᠭᠵᠢᠭᠦᠯᠬᠦ ᠴᠢᠭᠯᠡᠯ ᠢᠶᠡᠷ ᠰᠠᠨᠠᠯ ᠰᠣᠯᠢᠯᠴᠠᠭᠰᠠᠨ ᠶᠤᠮ᠃

ᠲᠤᠰ ᠠᠢᠮᠠᠭ ᠤᠨ ᠡᠷᠡᠭᠦᠯ ᠮᠡᠨᠳᠦ ᠶᠢᠨ ᠲᠥᠷᠥ ᠶᠢᠨ ᠪᠣᠯᠤᠨ ᠬᠤᠪᠢ ᠶᠢᠨ ᠬᠡᠪᠰᠢᠯ ᠦᠨ 40 ᠭᠠᠷᠤᠢ ᠪᠠᠢᠭᠤᠯᠤᠯᠭ᠎ᠠ ᠳᠤ ᠤᠯᠠᠮᠵᠢᠯᠠᠯᠲᠤ ᠶᠢᠨ 80 ᠭᠠᠷᠤᠢ ᠡᠮᠴᠢ᠂ ᠰᠤᠪᠢᠯᠠᠭᠴᠢ ᠠᠵᠢᠯᠯᠠᠵᠤ ᠪᠠᠢᠨ᠎ᠠ᠃ ᠠᠢᠮᠠᠭ ᠠᠴᠠ ᠤᠯᠠᠮᠵᠢᠯᠠᠯᠲᠤ ᠠᠨᠠᠭᠠᠬᠤ ᠤᠬᠠᠭᠠᠨ ᠤ ᠰᠠᠯᠪᠤᠷᠢ ᠶᠢᠨ ᠬᠥᠭᠵᠢᠯ ᠳᠦ ᠣᠨᠴᠠᠭᠠᠢᠯᠠᠨ ᠠᠩᠬᠠᠷᠴᠤ᠂ ᠢᠷᠭᠡᠳ ᠦᠨ ᠡᠷᠡᠭᠦᠯ ᠮᠡᠨᠳᠦ ᠶᠢ ᠤᠯᠠᠮᠵᠢᠯᠠᠯᠲᠤ ᠣᠨᠣᠰᠢᠯᠠᠭ᠎ᠠ᠂ ᠡᠮᠴᠢᠯᠡᠭᠡ ᠪᠡᠷ ᠳᠡᠮᠵᠢᠬᠦ ᠪᠣᠳᠣᠯᠭ᠎ᠠ ᠶᠢ ᠱᠠᠲᠤ ᠳᠠᠷᠠᠭ᠎ᠠ ᠲᠠᠢ ᠬᠡᠷᠡᠭᠵᠢᠭᠦᠯᠦᠨ᠎ᠡ ᠬᠡᠮᠡᠨ ᠤᠳᠤᠷᠢᠳᠤᠯᠭ᠎ᠠ ᠨᠠᠷ ᠬᠡᠯᠡᠯ᠎ᠡ᠃

ᠰᠡᠳᠬᠢᠭᠳᠡᠯ ᠦᠯᠡᠳᠡᠭᠡᠬᠦ