ᠳᠡᠯᠡᠬᠡᠢ ᠶᠢᠨ ᠨᠡᠭᠦᠳᠡᠯᠴᠢᠳ ᠦᠨ ᠰᠫᠣᠷᠲ ᠤᠨ ᠨᠠᠭᠠᠳᠤᠮ ᠤᠨ ᠬᠦᠷᠢᠶᠡᠨ ᠳᠦ ᠵᠣᠬᠢᠶᠠᠨ ᠪᠠᠢᠭᠤᠯᠤᠭᠰᠠᠨ 《ᠳᠡᠯᠡᠬᠡᠢ ᠶᠢᠨ ᠨᠡᠭᠦᠳᠡᠯᠴᠢᠳ ᠦᠨ ᠭᠠᠯ ᠲᠣᠭᠣᠭ᠎ᠠ-2026》 ᠣᠯᠠᠨ ᠤᠯᠤᠰ ᠤᠨ ᠲᠣᠭᠣᠭᠠᠴᠢ ᠨᠠᠷ ᠤᠨ ᠤᠷᠤᠯᠳᠤᠭᠠᠨ ᠳᠤ ᠮᠣᠩᠭᠣᠯ ᠤᠨ ᠠᠬᠠᠯᠠᠬᠤ ᠲᠣᠭᠣᠭᠠᠴᠢ ᠭᠣᠩᠭᠣᠷᠵᠠᠪ ᠤᠨ ᠠᠳᠠᠯᠢᠪᠰᠢ ᠰᠢᠯᠢᠳᠡᠭ ᠢᠶᠡᠷ ᠰᠢᠯᠭᠠᠷᠠᠭᠰᠠᠨ ᠪᠠᠢᠨ᠎ᠠ᠃
ᠤᠷᠢᠳᠴᠢᠯᠠᠭᠰᠠᠨ ᠪᠠ ᠰᠢᠯᠭᠠᠷᠠᠭᠤᠯᠬᠤ ᠱᠠᠲᠤᠨ ᠤ ᠳ᠋ᠦᠩ ᠢᠶᠡᠷ ᠠᠽᠧᠷᠪᠠᠢᠵᠠᠨ᠂ ᠲᠦᠷᠺ᠂ ᠮᠣᠩᠭᠣᠯ᠂ ᠦᠽᠪᠧᠺᠰᠲ᠋ᠠᠨ᠂ ᠬᠠᠰᠠᠭᠰᠲ᠋ᠠᠨ ᠤ ᠲᠥᠯᠥᠭᠡᠯᠡᠭᠴᠢᠳ ᠰᠢᠯᠭᠠᠷᠠᠨ ᠦᠯᠳᠡᠭᠰᠡᠨ ᠡᠴᠡ ᠭ ∙ ᠠᠳᠠᠯᠢᠪᠰᠢ ᠲᠡᠷᠢᠭᠦᠨ ᠪᠠᠢᠷᠢ ᠡᠵᠡᠯᠡᠭᠰᠡᠨ ᠪᠠᠢᠨ᠎ᠠ᠃ 《ᠳᠡᠯᠡᠬᠡᠢ ᠶᠢᠨ ᠨᠡᠭᠦᠳᠡᠯᠴᠢᠳ ᠦᠨ ᠭᠠᠯ ᠲᠣᠭᠣᠭ᠎ᠠ》ᠨᠢ ᠣᠷᠣᠯᠴᠠᠭᠴᠢ ᠣᠷᠣᠨ ᠨᠤᠭᠤᠳ ᠥᠪᠡᠷᠰᠡᠳ ᠦᠨ ᠦᠨᠳᠦᠰᠦᠨ ᠦ ᠬᠣᠭᠣᠯᠠ᠂ ᠬᠣᠭᠣᠯᠠᠨ ᠤ ᠰᠤᠶᠤᠯ᠂ ᠤᠯᠠᠮᠵᠢᠯᠠᠯ ᠢᠶᠠᠨ ᠲᠠᠨᠢᠯᠴᠠᠭᠤᠯᠤᠭᠰᠠᠨ ᠲᠣᠮᠣᠬᠠᠨ ᠲᠠᠯᠠᠪᠤᠷ ᠪᠣᠯᠵᠠᠢ᠃



