ᠺᠢᠷᠭᠢᠽᠰᠲ᠋ᠠᠨ ᠤᠯᠤᠰ ᠲᠦ ᠨᠠᠢᠮᠠᠳᠤᠭᠠᠷ ᠰᠠᠷ᠎ᠠ ᠶᠢᠨ 31 ᠡᠴᠡ ᠶᠢᠰᠦᠳᠦᠭᠡᠷ ᠰᠠᠷ᠎ᠠ ᠶᠢᠨ 6 ᠬᠦᠷᠲᠡᠯ᠎ᠡ ᠵᠣᠬᠢᠶᠠᠨ ᠪᠠᠢᠭᠤᠯᠤᠭᠳᠠᠭᠰᠠᠨ ᠳᠡᠯᠡᠬᠡᠢ ᠶᠢᠨ ᠨᠡᠭᠦᠳᠡᠯᠴᠢᠳ ᠦᠨ ᠵᠢᠷᠭᠤᠳᠤᠭᠠᠷ ᠨᠠᠭᠠᠳᠤᠮ ᠥᠨᠳᠥᠷᠯᠡᠯ᠎ᠡ᠃ ᠡᠨᠡ ᠤᠳᠠᠭ᠎ᠠ ᠶᠢᠨ ᠨᠠᠭᠠᠳᠤᠮ ᠳᠤ ᠳᠡᠯᠡᠬᠡᠢ ᠶᠢᠨ 106 ᠣᠷᠣᠨ ᠤ 2355 ᠲᠥᠯᠥᠭᠡᠯᠡᠭᠴᠢ ᠰᠫᠣᠷᠲ ᠤᠨ 43 ᠲᠥᠷᠥᠯ ᠳᠦ ᠥᠷᠢᠰᠦᠯᠳᠦᠭᠰᠡᠨ ᠪᠠᠢᠨ᠎ᠠ᠃
ᠮᠣᠩᠭᠣᠯ ᠤᠯᠤᠰ ᠲᠤᠰ ᠨᠠᠭᠠᠳᠤᠮ ᠳᠤ ᠰᠫᠣᠷᠲ ᠤᠨ 27 ᠲᠥᠷᠥᠯ ᠳᠦ 135 ᠲᠥᠯᠥᠭᠡᠯᠡᠭᠴᠢ ᠶᠢᠨ ᠪᠦᠷᠢᠯᠳᠦᠬᠦᠨ ᠲᠡᠢ ᠣᠷᠣᠯᠴᠠᠵᠤ᠂ ᠨᠡᠢᠲᠡ 26 ᠮᠧᠳᠠᠯ ᠬᠦᠷᠲᠡᠭᠰᠡᠨ ᠠᠮᠵᠢᠯᠲᠠ ᠪᠠᠷ ᠮᠧᠳᠠᠯ ᠤᠨ ᠨᠢᠭᠡᠳᠦᠭᠰᠡᠨ ᠳ᠋ᠦᠩ ᠢᠶᠡᠷ 106 ᠣᠷᠣᠨ ᠠᠴᠠ ᠳᠥᠷᠪᠡᠳᠦᠭᠡᠷ ᠪᠠᠢᠷᠢ ᠡᠵᠡᠯᠡᠯ᠎ᠡ᠃ ᠲᠡᠳᠡ ᠳᠥᠷᠪᠡᠨ ᠠᠯᠲᠠ᠂ ᠳᠥᠷᠪᠡᠨ ᠮᠥᠩᠭᠥ᠂ 18 ᠬᠦᠷᠡᠯ ᠮᠧᠳᠠᠯ ᠬᠦᠷᠲᠡᠭᠰᠡᠨ ᠪᠠᠢᠨ᠎ᠠ᠃
ᠮᠧᠳᠠᠯ ᠤᠨ ᠴᠢᠨᠠᠷ᠂ ᠲᠣᠭ᠎ᠠ ᠪᠠᠷ ᠬᠠᠰᠠᠭᠰᠲ᠋ᠠᠨ᠂ ᠺᠢᠷᠭᠢᠽᠰᠲ᠋ᠠᠨ᠂ ᠣᠷᠣᠰ ᠡᠬᠢᠨ ᠦ ᠭᠤᠷᠪᠠᠨ ᠪᠠᠢᠷᠢ ᠳᠤ ᠰᠢᠯᠭᠠᠷᠠᠵᠠᠢ᠃



