ᠰᠠᠭᠰᠤᠨ ᠪᠥᠮᠪᠥᠭᠡ ᠶᠢᠨ ᠡᠮᠡᠭᠲᠡᠢ ᠪᠠᠭ ᠠᠽᠢᠶ᠎ᠠ ᠶᠢᠨ ᠨᠠᠭᠠᠳᠤᠮ ᠳᠤ ᠳᠥᠷᠪᠡᠳ᠋ᠡᠬᠢ ᠤᠳᠠᠭ᠎ᠠ ᠪᠠᠨ ᠣᠷᠣᠯᠴᠠᠨ᠎ᠠ | News.MN

ᠰᠠᠭᠰᠤᠨ ᠪᠥᠮᠪᠥᠭᠡ ᠶᠢᠨ ᠡᠮᠡᠭᠲᠡᠢ ᠪᠠᠭ ᠠᠽᠢᠶ᠎ᠠ ᠶᠢᠨ ᠨᠠᠭᠠᠳᠤᠮ ᠳᠤ ᠳᠥᠷᠪᠡᠳ᠋ᠡᠬᠢ ᠤᠳᠠᠭ᠎ᠠ ᠪᠠᠨ ᠣᠷᠣᠯᠴᠠᠨ᠎ᠠ

ᠶᠠᠫᠣᠨ ᠤ ᠠᠢᠴᠢ ᠮᠤᠵᠢ᠂ ᠨᠠᠭᠤᠶᠠ ᠬᠣᠲᠠ ᠳᠤ ᠵᠣᠬᠢᠶᠠᠨ ᠪᠠᠢᠭᠤᠯᠬᠤ ᠠᠽᠢᠶ᠎ᠠ ᠶᠢᠨ ᠵᠤᠨ ᠤ ᠰᠫᠣᠷᠲ ᠤᠨ ᠬᠣᠷᠢᠳᠤᠭᠠᠷ ᠨᠠᠭᠠᠳᠤᠮ ᠤᠨ ᠡᠷᠡᠭᠲᠡᠢᠴᠦᠳ ᠦᠨ ᠰᠠᠭᠰᠤᠨ ᠪᠥᠮᠪᠥᠭᠡ ᠶᠢᠨ ᠲᠡᠮᠡᠴᠡᠭᠡᠨ ᠥᠨᠥᠳᠥᠷ ᠡᠴᠡ ᠡᠬᠢᠯᠡᠵᠦ ᠪᠠᠢᠨ᠎ᠠ᠃

ᠡᠮᠡᠭᠲᠡᠢᠴᠦᠳ ᠦᠨ ᠲᠡᠮᠡᠴᠡᠭᠡᠨ ᠡᠨᠡ ᠰᠠᠷ᠎ᠠ ᠶᠢᠨ 17 ᠳᠦ ᠡᠬᠢᠯᠡᠬᠦ ᠪᠥᠭᠡᠳ ᠮᠣᠩᠭᠣᠯ ᠤᠨ ᠪᠠᠭ ᠡᠨᠡ ᠰᠠᠷ᠎ᠠ ᠶᠢᠨ 15 ᠳᠦ ᠶᠠᠫᠣᠨ ᠢ ᠵᠣᠷᠢᠬᠤ ᠪᠠᠷ ᠪᠡᠯᠡᠳᠬᠡᠯ ᠢᠶᠡᠨ ᠪᠠᠵᠠᠭᠠᠵᠤ ᠪᠠᠢᠨ᠎ᠠ᠃ ᠲᠡᠳᠡ C ᠬᠡᠰᠡᠭ ᠲᠦ ᠪᠦᠭᠦᠳᠡ ᠨᠠᠢᠷᠠᠮᠳᠠᠬᠤ ᠰᠣᠯᠣᠩᠭᠣᠰ ᠤᠯᠤᠰ᠂ ᠬᠢᠲᠠᠳ ᠤᠨ ᠲᠠᠢᠸᠠᠨ ᠮᠠᠯᠠᠢᠽᠢ ᠶᠢᠨ ᠪᠠᠭ ᠲᠠᠢ ᠲᠠᠭᠠᠷᠠᠭᠰᠠᠨ ᠪᠠᠢᠨ᠎ᠠ᠃ ᠡᠬᠢᠨ ᠦ ᠲᠣᠭᠯᠠᠯᠲᠠ ᠪᠠᠨ ᠡᠨᠡ ᠰᠠᠷ᠎ᠠ ᠶᠢᠨ 18 ᠳᠦ ᠬᠢᠲᠠᠳ ᠤᠨ ᠲᠠᠢᠸᠠᠨ ᠤ ᠪᠠᠭ ᠲᠠᠢ  ᠬᠢᠬᠦ ᠶᠤᠮ᠃ ᠡᠮᠡᠭᠲᠡᠢ ᠪᠠᠭ ᠡᠮᠦᠨ᠎ᠡ ᠨᠢ《 ᠢᠨᠴᠤᠨ-2014》᠂《ᠵᠠᠺᠠᠷᠲ᠋ᠠ-2018》᠂ 《 ᠬᠠᠩᠵᠸᠦ-2022》ᠠᠽᠢᠶ᠎ᠠ ᠶᠢᠨ ᠨᠠᠭᠠᠳᠤᠮ ᠳᠤ ᠣᠷᠣᠯᠴᠠᠵᠤ ᠪᠠᠢᠭᠰᠠᠨ  ᠶᠤᠮ᠃

ᠰᠡᠳᠬᠢᠭᠳᠡᠯ ᠦᠯᠡᠳᠡᠭᠡᠬᠦ