ᠮᠣᠩᠭᠣᠯ ᠤᠨ ᠤᠷᠠᠯᠢᠭ ᠤᠨ ᠵᠥᠪᠯᠡᠯ ᠡᠴᠡ ᠳᠡᠯᠡᠬᠡᠢ ᠶᠢᠨ ᠬᠥᠰᠢᠶ᠎ᠡ ᠳᠤᠷᠠᠰᠬᠠᠯ ᠤᠨ ᠰᠠᠩ ᠲᠠᠢ ᠬᠠᠮᠲᠤᠷᠠᠨ ᠴᠤᠢᠵᠢᠨ ᠯᠠᠮᠠ ᠶᠢᠨ ᠰᠦᠮ᠎ᠡ ᠮᠦᠽᠧᠢ ᠶᠢᠨ ᠥᠨᠳᠥᠷ ᠭᠡᠭᠡᠨ ᠦ ᠰᠦᠮ᠎ᠡ ᠶᠢᠨ ᠳᠡᠭᠡᠪᠦᠷ ᠢ ᠰᠡᠷᠭᠦᠭᠡᠨ ᠵᠠᠰᠠᠪᠤᠷᠢᠯᠠᠬᠤ ᠪᠣᠯᠤᠨ ᠡᠷᠳᠡᠨᠢ ᠵᠤᠤ ᠬᠡᠢᠢᠳ ᠦᠨ ᠠᠯᠲᠠᠨ ᠰᠤᠪᠤᠷᠭ᠎ᠠ ᠶᠢᠨ ᠬᠠᠳᠠᠭᠠᠯᠠᠯᠲᠠ᠂ ᠬᠠᠮᠠᠭᠠᠯᠠᠯᠲᠠ ᠶᠢᠨ ᠲᠥᠰᠥᠯ ᠢ ᠬᠠᠮᠲᠤᠷᠠᠨ ᠬᠡᠷᠡᠭᠵᠢᠭᠦᠯᠵᠦ ᠪᠠᠢᠭ᠎ᠠ ᠲᠠᠢ ᠬᠣᠯᠪᠣᠭᠠᠲᠠᠢ ᠳᠡᠯᠡᠬᠡᠢ ᠶᠢᠨ ᠬᠥᠰᠢᠶ᠎ᠡ ᠳᠤᠷᠠᠰᠬᠠᠯ ᠤᠨ ᠰᠠᠩ ᠤᠨ ᠵᠡᠭᠦᠨ ᠠᠽᠢᠶ᠎ᠠ ᠶᠢᠨ ᠪᠥᠰᠡ ᠬᠠᠷᠢᠭᠤᠴᠠᠭᠰᠠᠨ ᠵᠠᠬᠢᠷᠤᠯ ᠬᠤᠩ ᠰᠢ ᠴᠤᠤ᠂ ᠵᠥᠪᠯᠡᠬᠦ ᠠᠷᠬᠢᠲ᠋ᠧᠺᠲ᠋ᠣᠷ ᠰᠲ᠋ᠢᠸᠧᠨ ᠺᠧᠯᠯᠢ᠂ ᠳ᠋ᠣᠺᠲ᠋ᠣᠷ ᠶᠢᠨ ᠰᠦ᠋ᠺ ᠴᠤ᠋ ᠨᠠᠷ ᠨᠠᠢᠮᠠᠳᠤᠭᠠᠷ ᠰᠠᠷ᠎ᠠ ᠶᠢᠨ 30 ᠠᠴᠠ ᠶᠢᠰᠦᠳᠦᠭᠡᠷ ᠰᠠᠷ᠎ᠠ ᠶᠢᠨ 5 ᠤ ᠡᠳᠦᠷ ᠦᠳ ᠲᠦ ᠮᠣᠩᠭᠣᠯ ᠤᠯᠤᠰ ᠲᠤ ᠠᠵᠢᠯᠯᠠᠵᠤ᠂ ᠰᠤᠳᠤᠯᠭᠠᠨ ᠤ ᠠᠵᠢᠯ ᠢ ᠵᠣᠬᠢᠶᠠᠨ ᠪᠠᠢᠭᠤᠯᠵᠠᠢ᠃
ᠳᠡᠯᠡᠬᠡᠢ ᠶᠢᠨ ᠬᠥᠰᠢᠶ᠎ᠡ ᠳᠤᠷᠠᠰᠬᠠᠯ ᠤᠨ ᠰᠠᠩ ᠤᠨ ᠵᠥᠪᠯᠡᠬᠦ᠂ ᠳ᠋ᠣᠺᠲ᠋ᠣᠷ ᠶᠢᠨ ᠰᠦ᠋ᠺ ᠴᠤ᠋《ᠪᠠᠷᠢᠯᠭ᠎ᠠ ᠶᠢᠨ ᠥᠪ ᠢ ᠬᠠᠮᠠᠭᠠᠯᠠᠬᠤ ᠠᠷᠬᠢᠲ᠋ᠧᠺᠲ᠋ᠣᠷ ᠤᠨ ᠣᠢᠯᠠᠭᠠᠯᠲᠠ ᠪᠠ ᠰᠡᠷᠭᠦᠭᠡᠨ ᠵᠠᠰᠠᠪᠤᠷᠢᠯᠠᠯᠲᠠ ᠶᠢᠨ ᠡᠮᠦᠨᠡᠬᠢ ᠰᠤᠳᠤᠯᠭ᠎ᠠ》 ᠰᠡᠳᠦᠪᠲᠦ ᠰᠤᠷᠭᠠᠯᠲᠠ ᠶᠢ ᠰᠤᠶᠤᠯ ᠤᠨ ᠥᠪ ᠦᠨ ᠦᠨᠳᠦᠰᠦᠨ ᠦ ᠲᠥᠪ ᠳᠡᠭᠡᠷ᠎ᠡ 30 ᠭᠠᠷᠤᠢ ᠰᠤᠳᠤᠯᠤᠭᠠᠴᠢ᠂ ᠰᠡᠷᠭᠦᠭᠡᠨ ᠵᠠᠰᠠᠪᠤᠷᠢᠯᠠᠭᠴᠢᠳ ᠲᠤ ᠵᠣᠷᠢᠭᠤᠯᠤᠨ ᠶᠠᠪᠤᠭᠤᠯᠤᠭᠰᠠᠨ ᠪᠠᠢᠨ᠎ᠠ᠃ ᠲᠡᠳᠡ ᠮᠥᠨ ᠰᠤᠶᠤᠯ ᠰᠫᠣᠷᠲ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠶᠠᠮᠤᠨ᠂ ᠰᠤᠶᠤᠯ ᠤᠨ ᠥᠪ ᠦᠨ ᠦᠨᠳᠦᠰᠦᠨ ᠦ ᠲᠥᠪ ᠪᠣᠯᠤᠨ ᠠᠮᠧᠷᠢᠺᠠ ᠶᠢᠨ ᠨᠢᠭᠡᠳᠦᠭᠰᠡᠨ ᠤᠯᠤᠰ ᠤᠨ ᠡᠯᠴᠢᠨ ᠰᠠᠢᠳ ᠤᠨ ᠶᠠᠮᠤᠨ ᠤ ᠲᠥᠯᠥᠭᠡᠯᠡᠯ ᠲᠡᠢ ᠠᠭᠤᠯᠵᠠᠵᠤ᠂ ᠮᠣᠩᠭᠣᠯ ᠳ᠋ᠡᠬᠢ ᠲᠡᠦᠬᠡᠨ ᠳᠤᠷᠠᠰᠬᠠᠯᠲᠤ ᠪᠠᠷᠢᠯᠭ᠎ᠠ ᠪᠠᠢᠭᠤᠯᠤᠮᠵᠢ ᠶᠢ ᠰᠡᠷᠭᠦᠭᠡᠨ ᠵᠠᠰᠠᠪᠤᠷᠢᠯᠠᠬᠤ ᠠᠵᠢᠯ᠂ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠵᠠᠢ᠃



