ᠪᠣᠯᠪᠠᠰᠤᠷᠠᠯ ᠤᠨ ᠰᠠᠢᠳ ᠯ ∙ ᠡᠩᠬᠡ-ᠠᠮᠤᠭᠤᠯᠠᠩ ᠹᠷᠠᠨᠼᠢ ᠶᠢᠨ ᠫᠠᠷᠢᠰ ᠬᠣᠲᠠᠨ᠎ᠠ ᠵᠣᠬᠢᠶᠠᠨ ᠪᠠᠢᠭᠤᠯᠵᠤ ᠪᠠᠢᠭ᠎ᠠ UNESCO ᠤᠨ《ᠴᠠᠬᠢᠮ ᠰᠤᠷᠭᠠᠯᠲᠠ ᠶᠢᠨ ᠳᠣᠯᠣᠭ᠎ᠠ ᠬᠣᠨᠣᠭ》 (Digital Learning Week) ᠴᠢᠭᠤᠯᠭ᠎ᠠ ᠠᠭᠤᠯᠵᠠᠯᠲᠠ ᠳᠤ ᠣᠷᠣᠯᠴᠠᠵᠤ ᠪᠠᠢᠨ᠎ᠠ᠃
ᠡᠨᠡ ᠦᠶ᠎ᠡ ᠪᠡᠷ ᠵᠣᠬᠢᠶᠠᠨ ᠪᠠᠢᠭᠤᠯᠤᠭᠰᠠᠨ ᠪᠣᠯᠪᠠᠰᠤᠷᠠᠯ ᠤᠨ ᠰᠠᠢᠳ ᠨᠠᠷ ᠤᠨ ᠳᠤᠭᠤᠢ ᠰᠢᠷᠡᠭᠡᠨ ᠦ ᠠᠭᠤᠯᠵᠠᠯᠲᠠ ᠳᠤ ᠯ ∙ ᠡᠩᠬᠡ-ᠠᠮᠤᠭᠤᠯᠠᠩ ᠮᠣᠩᠭᠣᠯ ᠤᠯᠤᠰ ᠤᠨ ᠪᠣᠯᠪᠠᠰᠤᠷᠠᠯ ᠤᠨ ᠰᠠᠯᠪᠤᠷᠢ ᠳᠤ ᠬᠢᠮᠡᠯ ᠣᠶᠤᠨ ᠢ ᠨᠡᠪᠲᠡᠷᠡᠭᠦᠯᠦᠨ ᠠᠰᠢᠭᠯᠠᠬᠤ ᠲᠠᠢ ᠬᠣᠯᠪᠣᠭᠠᠲᠠᠢ ᠲᠥᠷᠥ ᠶᠢᠨ ᠪᠣᠳᠣᠯᠭ᠎ᠠ᠂ ᠵᠣᠬᠢᠴᠠᠭᠤᠯᠤᠯᠲᠠ᠂ ᠤᠳᠤᠷᠢᠳᠤᠯᠭ᠎ᠠ ᠶᠢᠨ ᠲᠣᠭᠲᠠᠯᠴᠠᠭᠠᠨ ᠤ ᠲᠠᠯ᠎ᠠ ᠪᠠᠷ ᠪᠠᠢᠷᠢ ᠰᠠᠭᠤᠷᠢ ᠪᠠᠨ ᠢᠯᠡᠷᠬᠡᠢᠢᠯᠡᠵᠦ᠂ ᠪᠣᠯᠪᠠᠰᠤᠷᠠᠯ ᠤᠨ ᠰᠠᠯᠪᠤᠷᠢ ᠶᠢᠨ ᠶᠡᠬᠡ ᠥᠭᠭᠥᠭᠳᠡᠯ ᠢ ᠰᠢᠰᠲ᠋ᠧᠮ ᠲᠡᠢ᠂ ᠴᠡᠭᠴᠡ ᠲᠡᠢ ᠪᠦᠷᠢᠳᠦᠭᠦᠯᠬᠦ᠂ ᠲᠡᠭᠦᠨ ᠢ ᠦᠷ᠎ᠡ ᠠᠰᠢᠭ ᠲᠠᠢ ᠠᠰᠢᠭᠯᠠᠭᠰᠠᠨ ᠢᠶᠠᠷ ᠪᠤᠢ ᠪᠣᠯᠬᠤ ᠪᠣᠯᠤᠮᠵᠢ᠂ ᠳᠠᠪᠠᠭᠤ ᠲᠠᠯ᠎ᠠ ᠨᠤᠭᠤᠳ ᠤᠨ ᠲᠠᠯ᠎ᠠ ᠪᠠᠷ ᠮᠣᠩᠭᠣᠯ ᠤᠯᠤᠰ ᠤᠨ ᠲᠤᠷᠰᠢᠯᠭ᠎ᠠ᠂ ᠬᠡᠷᠡᠭᠵᠢᠭᠦᠯᠵᠦ ᠪᠤᠢ ᠪᠣᠳᠣᠯᠭ᠎ᠠ ᠶᠢᠨ ᠬᠦᠷᠢᠶᠡᠨ ᠳᠦ ᠲᠠᠨᠢᠯᠴᠠᠭᠤᠯᠪᠠ᠃
UNESCO ᠦᠨ ᠵᠣᠬᠢᠶᠠᠨ ᠪᠠᠢᠭᠤᠯᠵᠤ ᠪᠤᠢ 《ᠴᠠᠬᠢᠮ ᠰᠤᠷᠭᠠᠯᠲᠠ ᠶᠢᠨ ᠳᠣᠯᠣᠭ᠎ᠠ ᠬᠣᠨᠣᠭ》 ᠦᠢᠯᠡ ᠠᠵᠢᠯᠯᠠᠭᠠᠨ ᠳᠤ ᠳᠡᠯᠡᠬᠡᠢ ᠶᠢᠨ 40 ᠭᠠᠷᠤᠢ ᠤᠯᠤᠰ ᠤᠨ ᠪᠣᠯᠪᠠᠰᠤᠷᠠᠯ ᠤᠨ ᠰᠠᠢᠳ᠂ ᠪᠣᠳᠣᠯᠭ᠎ᠠ ᠪᠤᠯᠪᠠᠰᠤᠷᠠᠭᠤᠯᠤᠭᠴᠢᠳ᠂ ᠲᠧᠭᠨᠣᠯᠣᠭᠢ ᠶᠢᠨ ᠰᠠᠯᠪᠤᠷᠢ ᠶᠢᠨ ᠲᠥᠯᠥᠭᠡᠯᠡᠯ ᠪᠦᠬᠦᠢ 1200 ᠬᠦᠮᠦᠨ ᠣᠷᠣᠯᠴᠠᠯᠠᠵᠤ᠂ ᠪᠣᠯᠪᠠᠰᠤᠷᠠᠯ ᠤᠨ ᠰᠠᠯᠪᠤᠷᠢ ᠶᠢᠨ ᠴᠠᠬᠢᠮ ᠰᠢᠯᠵᠢᠯᠲᠡ᠂ ᠬᠢᠮᠡᠯ ᠣᠶᠤᠨ ᠤ ᠬᠡᠷᠡᠭᠯᠡᠭᠡ᠂ ᠲᠧᠭᠨᠣᠯᠣᠭᠢ ᠶᠢᠨ ᠰᠢᠨᠡᠴᠢᠯᠡᠯ ᠦᠨ ᠲᠠᠯ᠎ᠠ ᠪᠠᠷ ᠬᠡᠯᠡᠯᠴᠡᠵᠦ ᠪᠠᠢᠨ᠎ᠠ᠃



