ᠤᠯᠠᠨᠰᠦ᠋ᠮ᠎ᠡ ᠶᠢᠨ ᠪᠠᠭᠤᠷᠢ ᠠᠴᠠ 400 ᠭᠠᠷᠤᠢ ᠵᠢᠯ ᠦᠨ ᠡᠮᠦᠨᠡᠬᠢ ᠴᠢᠩᠭᠢᠰ ᠬᠠᠭᠠᠨ ᠤ ᠪᠢᠯᠢᠭ ᠰᠤᠷᠭᠠᠯ ᠣᠯᠳᠠᠵᠠᠢ | News.MN

ᠤᠯᠠᠨᠰᠦ᠋ᠮ᠎ᠡ ᠶᠢᠨ ᠪᠠᠭᠤᠷᠢ ᠠᠴᠠ 400 ᠭᠠᠷᠤᠢ ᠵᠢᠯ ᠦᠨ ᠡᠮᠦᠨᠡᠬᠢ ᠴᠢᠩᠭᠢᠰ ᠬᠠᠭᠠᠨ ᠤ ᠪᠢᠯᠢᠭ ᠰᠤᠷᠭᠠᠯ ᠣᠯᠳᠠᠵᠠᠢ

ᠥᠪᠦᠷᠬᠠᠩᠭᠠᠢ ᠠᠢᠮᠠᠭ ᠤᠨ ᠤᠶᠠᠩᠭ᠎ᠠ ᠰᠤᠮᠤ ᠶᠢᠨ ᠨᠤᠲᠤᠭ ᠲᠤ ᠤᠷᠤᠰᠢᠬᠤ ᠤᠯᠠᠨᠰᠦ᠋ᠮ᠎ᠡ  ᠶᠢᠨ ᠪᠠᠭᠤᠷᠢ  ᠠᠴᠠ 15-17 ᠳ᠋ᠤᠭᠠᠷ ᠵᠠᠭᠤᠨ ᠤ ᠦᠶ᠎ᠡ ᠳᠦ ᠬᠠᠮᠢᠶᠠᠷᠬᠤ ᠪᠤᠷᠬᠠᠨ ᠤ ᠱᠠᠰᠢᠨ ᠤ ᠰᠦᠮ᠎ᠡ ᠬᠡᠢᠢᠳ ᠦᠨ ᠬᠣᠣᠰ ᠦᠭᠡᠢ ᠦᠨᠡᠲᠦ ᠡᠳ᠋ ᠥᠯᠥᠭ ᠦᠨ ᠵᠦᠢᠯᠡᠰ ᠣᠯᠳᠠᠵᠠᠢ᠃

ᠮᠣᠩᠭᠣᠯ᠂ ᠶᠠᠫᠣᠨ ᠤ ᠬᠠᠮᠲᠤᠷᠠᠭᠰᠠᠨ ᠠᠷᠬᠧᠣᠯᠣᠭᠢ ᠶᠢᠨ ᠮᠠᠯᠲᠠᠯᠭ᠎ᠠ ᠰᠤᠳᠤᠯᠭᠠᠨ ᠤ ᠦᠶ᠎ᠡ ᠪᠡᠷ ᠠᠪᠢᠳᠠ ᠪᠤᠷᠬᠠᠨ᠂ 21 ᠰᠢᠷᠬᠡᠭ ᠲᠡᠢ ᠡᠷᠢᠬᠡ᠂ ᠬᠠᠳᠠᠨ ᠤ ᠵᠢᠷᠤᠭ᠂ ᠮᠣᠳᠣᠨ ᠤ ᠦᠢᠰᠦᠨ ᠳᠡᠭᠡᠷ᠎ᠡ ᠪᠢᠴᠢᠭᠰᠡᠨ ᠰᠤᠳᠤᠷ ᠵᠡᠷᠭᠡ ᠣᠯᠳᠠᠪᠤᠷᠢ ᠢᠯᠡᠷᠡᠭᠦᠯᠦᠭᠰᠡᠨ ᠪᠠᠢᠨ᠎ᠠ᠃ ᠲᠡᠳᠡᠭᠡᠷ ᠦᠨ ᠳᠣᠲᠣᠷ᠎ᠠ 400 ᠭᠠᠷᠤᠢ ᠵᠢᠯ ᠦᠨ ᠲᠤᠷᠰᠢ ᠮᠠᠰᠢ ᠰᠠᠢᠨ ᠬᠠᠳᠠᠭᠠᠯᠠᠭᠳᠠᠭᠰᠠᠨ 《ᠴᠢᠩᠭᠢᠰ ᠬᠠᠭᠠᠨ ᠤ ᠪᠢᠯᠢᠭ ᠰᠤᠷᠭᠠᠯ》 ᠣᠨᠴᠠᠭᠠᠢ ᠠᠴᠢ ᠬᠣᠯᠪᠣᠭᠳᠠᠯ ᠲᠠᠢ ᠣᠯᠳᠠᠪᠤᠷᠢ ᠪᠣᠯᠵᠠᠢ᠃ ᠴᠢᠩᠭᠢᠰ ᠬᠠᠭᠠᠨ ᠤ ᠪᠢᠯᠢᠭ ᠰᠤᠷᠭᠠᠯ ᠢ ᠡᠮᠦᠨ᠎ᠡ ᠨᠢ ᠪᠢᠴᠢᠭ ᠦᠨ ᠰᠤᠷᠪᠤᠯᠵᠢ ᠨᠤᠭᠤᠳ ᠠᠴᠠ ᠮᠡᠳᠡᠵᠦ ᠪᠠᠢᠭᠰᠠᠨ ᠪᠣᠯ ᠡᠨᠡ ᠤᠳᠠᠭ᠎ᠠ ᠳᠤ ᠠᠷᠬᠧᠣᠯᠣᠭᠢ ᠶᠢᠨ ᠮᠠᠯᠲᠠᠯᠭ᠎ᠠ ᠪᠠᠷ ᠪᠣᠳᠠᠲᠤ ᠣᠯᠳᠠᠪᠤᠷᠢ ᠬᠡᠯᠪᠡᠷᠢ ᠪᠡᠷ ᠢᠯᠡᠷᠡᠭᠦᠯᠦᠭᠰᠡᠨ ᠨᠢ ᠲᠡᠦᠬᠡ᠂ ᠠᠷᠬᠧᠣᠯᠣᠭᠢ ᠶᠢᠨ ᠰᠢᠨᠵᠢᠯᠡᠬᠦ ᠤᠬᠠᠭᠠᠨ ᠤ ᠬᠤᠪᠢ ᠳᠤ ᠣᠨᠴᠠᠯᠢᠭ ᠦᠢᠯᠡ ᠶᠠᠪᠤᠳᠠᠯ ᠶᠤᠮ᠃ ᠰᠤᠳᠤᠯᠤᠭᠠᠴᠢᠳ ᠤᠨ ᠦᠵᠡᠵᠦ ᠪᠤᠢ ᠪᠠᠷ ᠤᠭ ᠬᠡᠢᠢᠳ ᠨᠢ ᠮᠣᠩᠭᠣᠯ ᠤᠨ ᠠᠩᠬᠠᠨ ᠤ  ᠪᠤᠳ᠋ᠳ᠋ᠾᠠ ᠶᠢᠨ ᠱᠠᠰᠢᠨ ᠤ ᠲᠣᠮᠣᠬᠠᠨ ᠬᠡᠢᠢᠳ ᠦᠳ ᠦᠨ ᠨᠢᠭᠡ ᠪᠣᠯᠬᠤ ᠡᠷᠳᠡᠨᠢ ᠵᠤᠤ ᠬᠡᠢᠢᠳ ᠲᠡᠢ ᠣᠢᠷᠠᠯᠴᠠᠭ᠎ᠠ ᠦᠶ᠎ᠡ ᠳᠦ ᠪᠠᠢᠭᠤᠯᠤᠭᠳᠠᠭᠰᠠᠨ ᠪᠠᠢᠵᠤ ᠪᠣᠯᠵᠣᠰᠢ ᠦᠭᠡᠢ ᠶᠤᠮ᠃

《ᠴᠢᠩᠭᠢᠰ ᠬᠠᠭᠠᠨ 》ᠮᠦᠽᠧᠢ ᠶᠢᠨ ᠵᠠᠬᠢᠷᠤᠯ᠂ ᠠᠺᠠᠳᠧᠮᠢᠴᠢ ᠰ ∙ ᠴᠢᠯᠠᠭᠤᠨ᠄ ᠮᠣᠩᠭᠣᠯ᠂ ᠶᠠᠫᠣᠨ ᠤ ᠬᠠᠮᠲᠤᠷᠠᠭᠰᠠᠨ ᠠᠷᠬᠧᠣᠯᠣᠭᠢ ᠶᠢᠨ ᠮᠠᠯᠲᠠᠯᠭ᠎ᠠ ᠰᠤᠳᠤᠯᠭᠠᠨ ᠤ ᠬᠦᠷᠢᠶᠡᠨ ᠳᠦ ᠥᠪᠦᠷᠬᠠᠩᠭᠠᠢ ᠠᠢᠮᠠᠭ ᠤᠨ ᠤᠶᠠᠩᠭ᠎ᠠ ᠰᠤᠮᠤ ᠶᠢᠨ ᠨᠤᠲᠤᠭ ᠳᠠᠬᠢ ᠤᠯᠠᠨᠰᠦ᠋ᠮ᠎ᠡ ᠬᠡᠮᠡᠬᠦ ᠭᠠᠵᠠᠷ ᠲᠤ ᠰᠤᠳᠤᠯᠭ᠎ᠠ ᠬᠢᠵᠦ ᠪᠠᠢᠨ᠎ᠠ᠃ ᠡᠨᠡ ᠬᠦ ᠮᠠᠯᠲᠠᠯᠭ᠎ᠠ ᠰᠤᠳᠤᠯᠤᠭ᠎ᠠ ᠬᠣᠶᠠᠷ ᠵᠢᠯ ᠦᠨ ᠬᠤᠭᠤᠴᠠᠭᠠᠨ ᠳᠤ ᠦᠷᠭᠦᠯᠵᠢᠯᠡᠵᠦ ᠪᠠᠢᠭ᠎ᠠ ᠪᠥᠭᠡᠳ ᠮᠣᠩᠭᠣᠯ ᠤᠨ ᠪᠤᠷᠬᠠᠨ ᠱᠠᠰᠢᠨ ᠤ ᠲᠡᠦᠬᠡ ᠶᠢᠨ ᠬᠦᠷᠢᠶᠡᠨ ᠳᠦ ᠬᠡᠳᠦ ᠬᠡᠳᠦᠨ ᠣᠨᠴᠠᠭᠠᠢ ᠵᠦᠢᠯ ᠢ ᠲᠣᠳᠣᠷᠠᠭᠤᠯᠬᠤ ᠪᠣᠯᠤᠮᠵᠢ ᠪᠥᠷᠢᠳᠴᠦ ᠪᠠᠢᠨ᠎ᠠ᠃

ᠨᠢᠭᠡᠳᠦᠭᠡᠷ ᠲᠦ᠂ ᠡᠷᠳᠡᠨᠢ ᠵᠤᠤ ᠬᠡᠢᠢᠳ ᠪᠠᠢᠭᠤᠯᠤᠭᠳᠠᠭᠰᠠᠨ ᠦᠶ᠎ᠡ ᠲᠡᠢ ᠣᠢᠷᠠᠯᠴᠠᠭ᠎ᠠ ᠴᠠᠭ ᠦᠶ᠎ᠡ ᠳᠦ ᠬᠠᠮᠢᠶᠠᠷᠬᠤ ᠡᠷᠲᠡᠨ ᠦ ᠬᠡᠢᠢᠳ ᠡᠨᠳᠡ ᠪᠠᠢᠭᠰᠠᠨ ᠢ ᠲᠣᠭᠲᠠᠭᠠᠵᠤ ᠪᠠᠢᠨ᠎ᠠ᠃ ᠬᠡᠢᠢᠳ ᠦᠨ ᠡᠵᠡᠨ ᠦ ᠬᠤᠪᠢ ᠳᠤ ᠣᠳᠣ ᠪᠠᠷ ᠲᠣᠳᠣᠷᠬᠠᠢ ᠵᠦᠢᠯ ᠬᠡᠯᠡᠬᠦ ᠪᠣᠯᠤᠮᠵᠢ ᠦᠭᠡᠢ᠃ ᠭᠡᠬᠦ ᠳᠦ ᠪᠡᠨ ᠡᠨᠡ ᠭᠠᠵᠠᠷ ᠨᠤᠲᠤᠭ ᠵᠠᠰᠠᠭ ᠵᠠᠬᠢᠷᠭᠠᠨ ᠤ ᠨᠢᠭᠡᠴᠡ ᠶᠢᠨ ᠬᠤᠪᠢ ᠳᠤ ᠴᠣᠭᠲᠤ ᠲᠠᠢᠵᠢ ᠶᠢᠨ ᠪᠠᠭ᠎ᠠ ᠬᠦᠦ ᠵᠠᠭᠠᠨ ᠬᠤᠩ ᠲᠠᠢᠵᠢ ᠶᠢᠨ ᠡᠵᠡᠮᠰᠢᠯ ᠳᠦ ᠪᠠᠢᠭᠰᠠᠨ ᠨᠤᠲᠤᠭ᠃ 1960 ᠊ᠭᠠᠳ ᠣᠨ ᠳᠤ ᠬ ∙ ᠫᠧᠷᠡᠩᠯᠡᠢ ᠭᠤᠸᠠᠢ ᠤᠯᠠᠨᠰᠦ᠋ᠮ᠎ᠡ ᠶᠢ ᠠᠷᠰᠯᠠᠨ ᠲᠠᠢᠵᠢ ᠲᠠᠢ ᠬᠣᠯᠪᠣᠨ ᠲᠠᠢᠯᠪᠤᠷᠢᠯᠠᠭᠰᠠᠨ ᠪᠠᠢᠳᠠᠭ᠃ ᠬᠣᠶᠠᠳᠤᠭᠠᠷ ᠲᠤ᠂ ᠬᠠᠨ᠎ᠠ ᠶᠢᠨ ᠵᠢᠷᠤᠭ ᠣᠯᠳᠠᠭᠰᠠᠨ᠃ ᠬᠠᠨ᠎ᠠ ᠶᠢᠨ ᠵᠢᠷᠤᠭ ᠠᠴᠠ ᠲᠤᠬᠠᠢ ᠶᠢᠨ ᠦᠶ᠎ᠡ ᠶᠢᠨ ᠬᠥᠭᠵᠢᠯ ᠴᠡᠴᠡᠭᠯᠡᠯᠲᠡ᠂ ᠪᠤᠷᠬᠠᠨ ᠤ ᠱᠠᠰᠢᠨ ᠤ ᠤᠷᠠᠯᠠᠯ ᠤᠨ ᠲᠥᠷᠥᠯ᠂ ᠣᠨᠴᠠᠯᠢᠭ ᠢ ᠬᠠᠷᠠᠵᠤ ᠪᠣᠯᠬᠤ ᠪᠠᠷ ᠪᠠᠢᠨ᠎ᠠ᠃ ᠭᠤᠷᠪᠠᠳᠤᠭᠠᠷ ᠲᠤ᠂ ᠥᠩᠭᠡᠷᠡᠭᠰᠡᠨ ᠵᠢᠯ ᠦᠨ ᠮᠠᠯᠲᠠᠯᠭ᠎ᠠ ᠪᠠᠷ ᠣᠯᠳᠠᠭᠰᠠᠨ ᠵᠠᠷᠢᠮ ᠣᠯᠳᠠᠪᠤᠷᠢ ᠳᠤ ᠶᠠᠫᠣᠨ ᠤᠯᠤᠰ ᠲᠤ ᠨᠠᠰᠤ ᠲᠣᠭᠲᠠᠭᠠᠬᠤ ᠰᠢᠨᠵᠢᠯᠡᠭᠡ ᠬᠢᠭᠰᠡᠨ᠃ ᠡᠭᠦᠨ ᠦ ᠦᠷ᠎ᠡ ᠳ᠋ᠦᠩ ᠳᠦ ᠠᠷᠪᠠᠨ ᠵᠢᠷᠭᠤᠳᠤᠭᠠᠷ ᠵᠠᠭᠤᠨ ᠤ ᠰᠡᠭᠦᠯᠴᠢ᠂ ᠠᠷᠪᠠᠨ ᠳᠣᠯᠣᠳᠤᠭᠠᠷ ᠵᠠᠭᠤᠨ ᠤ ᠡᠬᠢᠨ ᠦᠶ᠎ᠡ ᠳᠦ ᠬᠠᠮᠢᠶᠠᠷᠬᠤ ᠨᠢ ᠲᠣᠭᠲᠠᠭᠠᠭᠳᠠᠭᠰᠠᠨ᠃ ᠥᠭᠡᠷ᠎ᠡ ᠪᠡᠷ ᠬᠡᠯᠡᠪᠡᠯ᠂ ᠡᠨᠡ ᠨᠢ ᠡᠷᠲᠡᠨ ᠦ ᠮᠣᠩᠭᠣᠯ ᠤᠨ ᠤᠤᠭᠠᠨ ᠬᠡᠢᠢᠳ ᠦᠳ ᠦᠨ ᠨᠢᠭᠡ ᠪᠠᠢᠵᠤ ᠪᠣᠯᠬᠤ ᠶᠢ ᠬᠠᠷᠠᠭᠤᠯᠵᠤ ᠪᠠᠢᠨ᠎ᠠ᠃

ᠳᠥᠷᠪᠡᠳᠦᠭᠡᠷ ᠲᠦ᠂ ᠮᠣᠳᠣᠨ ᠤ ᠦᠢᠰᠦᠨ ᠳᠡᠭᠡᠷ᠎ᠡ ᠪᠢᠴᠢᠭᠰᠡᠨ ᠰᠤᠳᠤᠷ ᠤᠳ ᠣᠯᠳᠠᠭᠰᠠᠨ᠃ ᠲᠡᠳᠡᠭᠡᠷ ᠦᠨ ᠳᠣᠲᠣᠷ᠎ᠠ ᠴᠢᠩᠭᠢᠰ ᠬᠠᠭᠠᠨ ᠤ ᠬᠥᠪᠡᠭᠦᠳ᠂ ᠳᠡᠭᠦᠦ ᠨᠠᠷ ᠲᠤ ᠪᠠᠨ ᠰᠤᠷᠭᠠᠵᠤ ᠠᠢᠯᠠᠳᠤᠭᠰᠠᠨ ᠪᠢᠯᠢᠭ ᠰᠤᠷᠭᠠᠯ ᠪᠠᠭᠲᠠᠭᠰᠠᠨ ᠨᠢ ᠲᠣᠭᠲᠠᠭᠠᠭᠳᠠᠭᠰᠠᠨ᠃ ᠡᠨᠡ ᠪᠣᠯ ᠮᠠᠰᠢ ᠣᠨᠴᠠᠭᠠᠢ ᠣᠯᠳᠠᠪᠤᠷᠢ᠃ ᠡᠳᠡᠭᠡᠷ ᠪᠢᠯᠢᠭ ᠰᠤᠷᠭᠠᠯ ᠨᠢ ᠯᠤᠪᠰᠠᠩᠳᠠᠨᠽᠠᠨ ᠤ 《ᠠᠯᠲᠠᠨ ᠲᠣᠪᠴᠢ》 ᠳᠦ ᠪᠠᠢᠳᠠᠭ᠃ ᠥᠭᠡᠷ᠎ᠡ ᠪᠡᠷ ᠬᠡᠯᠡᠪᠡᠯ᠂ ᠴᠢᠩᠭᠢᠰ ᠬᠠᠭᠠᠨ ᠤ ᠪᠢᠯᠢᠭ ᠰᠤᠷᠭᠠᠯ ᠢ ᠪᠤᠷᠬᠠᠨ ᠤ ᠱᠠᠰᠢᠨ ᠤ ᠦᠵᠡᠯ ᠰᠠᠨᠠᠭ᠎ᠠ ᠲᠠᠢ ᠵᠡᠷᠭᠡᠴᠡᠭᠦᠯᠦᠨ ᠲᠦᠭᠡᠭᠡᠵᠦ ᠪᠠᠢᠭᠰᠠᠨ ᠢ ᠬᠠᠷᠠᠭᠤᠯᠬᠤ ᠴᠢᠬᠤᠯᠠ ᠪᠠᠷᠢᠮᠲᠠ ᠪᠣᠯᠵᠤ ᠪᠠᠢᠨ᠎ᠠ᠃ ᠴᠢᠩᠭᠢᠰ ᠬᠠᠭᠠᠨ ᠤ ᠪᠢᠯᠢᠭ ᠰᠤᠷᠭᠠᠯ ᠢ ᠠᠷᠬᠧᠣᠯᠣᠭᠢ ᠶᠢᠨ ᠣᠯᠳᠠᠪᠤᠷᠢ ᠪᠠᠷ ᠢᠯᠡᠷᠡᠭᠦᠯᠵᠦ ᠪᠠᠢᠭ᠎ᠠ ᠨᠢ ᠠᠩᠬᠠᠨ ᠤ ᠲᠣᠬᠢᠶᠠᠯᠳᠤᠯ ᠶᠤᠮ᠃ ᠡᠨᠡ ᠣᠯᠳᠠᠪᠤᠷᠢ ᠮᠣᠩᠭᠣᠯ ᠤᠨ ᠪᠤᠷᠬᠠᠨ ᠱᠠᠰᠢᠨ ᠤ ᠲᠡᠦᠬᠡ ᠶᠢ ᠢᠯᠡᠭᠦᠦ ᠲᠣᠳᠣᠷᠠᠭᠤᠯᠬᠤ ᠠᠴᠢ ᠬᠣᠯᠪᠣᠭᠳᠠᠯ ᠲᠠᠢ᠃ ᠮᠣᠩᠭᠣᠯ ᠳᠤ ᠵᠥᠪᠬᠡᠨ ᠡᠷᠳᠡᠨᠢ ᠵᠤᠤ ᠬᠡᠢᠢᠳ ᠲᠡᠳᠦᠢ ᠦᠭᠡᠢ ᠂ ᠲᠡᠭᠦᠨ ᠲᠡᠢ ᠵᠡᠷᠭᠡᠴᠡᠨ ᠣᠯᠠᠨ ᠰᠦᠮ᠎ᠡ ᠬᠡᠢᠢᠳ ᠪᠠᠢᠭᠤᠯᠤᠭᠳᠠᠵᠤ ᠪᠠᠢᠭᠰᠠᠨ ᠨᠢ ᠰᠤᠳᠤᠯᠭᠠᠨ ᠤ ᠶᠠᠪᠤᠴᠠ ᠳᠤ ᠤᠯᠠᠮ ᠲᠣᠳᠣᠷᠬᠠᠢ ᠪᠣᠯᠵᠤ ᠪᠠᠢᠨ᠎ᠠ᠃

ᠰᠡᠳᠬᠢᠭᠳᠡᠯ ᠦᠯᠡᠳᠡᠭᠡᠬᠦ