ᠤ᠊ ∙ ᠬᠦᠷᠡᠯᠰᠦ᠋ᠬᠡ ᠬᠡᠦᠬᠡᠳ ᠦᠳ ᠢ ᠮᠣᠩᠭᠣᠯ ᠬᠡᠯᠡ ᠪᠡᠨ ᠰᠠᠢᠨ ᠰᠤᠷᠬᠤ ᠶᠢ ᠵᠠᠬᠢᠯ᠎ᠠ | News.MN

ᠤ᠊ ∙ ᠬᠦᠷᠡᠯᠰᠦ᠋ᠬᠡ ᠬᠡᠦᠬᠡᠳ ᠦᠳ ᠢ ᠮᠣᠩᠭᠣᠯ ᠬᠡᠯᠡ ᠪᠡᠨ ᠰᠠᠢᠨ ᠰᠤᠷᠬᠤ ᠶᠢ ᠵᠠᠬᠢᠯ᠎ᠠ

ᠤ᠊ ∙ ᠬᠦᠷᠡᠯᠰᠦ᠋ᠬᠡ ᠬᠡᠦᠬᠡᠳ ᠦᠳ ᠢ ᠮᠣᠩᠭᠣᠯ ᠬᠡᠯᠡ ᠪᠡᠨ ᠰᠠᠢᠨ ᠰᠤᠷᠬᠤ ᠶᠢ ᠵᠠᠬᠢᠯ᠎ᠠ

ᠮᠣᠩᠭᠣᠯ ᠤᠯᠤᠰ ᠤᠨ ᠶᠡᠷᠦᠩᠬᠡᠢᠢᠯᠡᠭ᠍ᠴᠢ ᠤᠬᠤᠨ᠎ᠠ ᠶᠢᠨ ᠬᠦᠷᠡᠯᠰᠦ᠋ᠬᠡ ᠪᠠᠶᠠᠨ-ᠥᠯᠥᠭᠡᠢ ᠠᠢᠮᠠᠭ ᠲᠤ ᠠᠵᠢᠯᠯᠠᠬᠤ ᠦᠶ᠎ᠡ ᠪᠡᠷ ᠢᠶᠡᠨ ᠶᠡᠷᠦᠩᠬᠡᠢ ᠪᠣᠯᠪᠠᠰᠤᠷᠠᠯ ᠤᠨ ᠳᠥᠷᠪᠡᠳᠦᠭᠡᠷ ᠪᠣᠯᠤᠨ ᠬᠣᠶᠠᠳᠤᠭᠠᠷ ᠰᠤᠷᠭᠠᠭᠤᠯᠢ ᠶᠢᠨ ᠪᠠᠭᠰᠢ ᠰᠤᠷᠭᠠᠨ ᠬᠦᠮᠦᠵᠢᠭᠦᠯᠦᠭᠴᠢᠳ᠂ ᠰᠤᠷᠤᠭᠴᠢᠳ ᠲᠠᠢ ᠠᠭᠤᠯᠵᠠᠯ᠎ᠠ᠃

ᠲᠡᠷᠡᠪᠡᠷ ᠤᠯᠤᠰ ᠣᠷᠣᠨ ᠤ ᠢᠷᠡᠭᠡᠳᠦᠢ ᠪᠣᠯᠤᠭᠰᠠᠨ ᠬᠡᠦᠬᠡᠳ ᠪᠠᠭᠠᠴᠤᠳ ᠢ ᠰᠤᠷᠭᠠᠨ ᠬᠦᠮᠦᠵᠢᠭᠦᠯᠵᠦ᠂ ᠮᠡᠳᠡᠯᠭᠡ᠂ ᠪᠣᠯᠪᠠᠰᠤᠷᠠᠯ ᠲᠠᠢ᠂ ᠡᠬᠡ ᠣᠷᠣᠨ ᠢᠶᠠᠨ ᠭᠡᠰᠡᠨ ᠰᠡᠳᠬᠢᠯ ᠲᠡᠢ᠂ ᠵᠥᠪ ᠬᠦᠮᠦᠨ ᠪᠣᠯᠭᠠᠨ ᠲᠥᠯᠦᠪᠰᠢᠭᠦᠯᠬᠦ ᠦᠢᠯᠡᠰ ᠦᠨ ᠲᠥᠯᠥᠭᠡ ᠬᠦᠴᠦᠨ ᠵᠢᠳᠬᠦᠵᠦ ᠪᠠᠢᠭ᠎ᠠ ᠪᠠᠭᠰᠢ᠂ ᠰᠤᠷᠭᠠᠨ ᠬᠦᠮᠦᠵᠢᠭᠦᠯᠦᠭᠴᠢ᠂ ᠠᠵᠢᠯᠲᠠᠳ ᠲᠤ ᠲᠠᠯᠠᠷᠬᠠᠯ ᠢᠯᠡᠷᠬᠡᠢᠢᠯᠡᠪᠡ᠃

ᠰᠠᠢᠨ ᠪᠠᠭᠰᠢ᠂ ᠠᠵᠢᠯᠲᠠᠳ ᠠᠴᠠ ᠴᠢᠳᠠᠪᠤᠷᠢ ᠲᠠᠢ ᠱᠠᠪᠢ ᠲᠥᠷᠥᠵᠦ᠂ ᠴᠢᠳᠠᠪᠤᠷᠢ ᠲᠠᠢ ᠢᠷᠭᠡᠨ ᠡᠴᠡ ᠤᠯᠤᠰ ᠤᠨ ᠬᠥᠭᠵᠢᠯ ᠬᠠᠮᠢᠶᠠᠷᠳᠠᠭ ᠤᠴᠢᠷ ᠪᠠᠭᠰᠢ᠂ ᠠᠵᠢᠯᠲᠠᠳ ᠤᠨ ᠦᠯᠢᠭᠡᠷ ᠳᠠᠭᠤᠷᠢᠶᠠᠯ᠂ ᠵᠥᠪ ᠬᠠᠨᠳᠤᠯᠭ᠎ᠠ᠂ ᠤᠷ᠎ᠠ ᠴᠢᠳᠠᠪᠤᠷᠢ᠂ ᠶᠣᠰᠣ ᠵᠦᠢ ᠬᠠᠮᠤᠭ ᠠᠴᠠ ᠴᠢᠬᠤᠯᠠ ᠭᠡᠳᠡᠭ ᠢ ᠬᠡᠯᠡᠪᠡ᠃ ᠮᠥᠨ ᠰᠤᠷᠤᠭᠴᠢ ᠬᠡᠦᠬᠡᠳ ᠦᠳ ᠲᠡᠢ ᠠᠭᠤᠯᠵᠠᠵᠤ᠂ ᠲᠥᠷᠥᠯᠬᠢ ᠮᠣᠩᠭᠣᠯ ᠬᠡᠯᠡ ᠪᠡᠨ ᠰᠠᠢᠨ ᠰᠤᠷᠬᠤ ᠶᠢ ᠵᠠᠬᠢᠯ᠎ᠠ᠃ ᠡᠬᠡ ᠬᠡᠯᠡ ᠪᠡᠨ ᠰᠠᠢᠨ ᠰᠤᠷᠪᠠᠯ ᠢᠷᠡᠭᠡᠳᠦᠢ ᠳᠦ ᠬᠦᠰᠡᠵᠦ ᠮᠥᠷᠦᠭᠡᠳᠦᠭᠰᠡᠨ ᠮᠡᠷᠭᠡᠵᠢᠯ ᠢᠶᠡᠨ ᠡᠵᠡᠮᠰᠢᠵᠦ᠂ ᠥᠰᠦᠨ ᠳᠡᠪᠵᠢᠬᠦ᠂ ᠤᠯᠤᠰ ᠣᠷᠣᠨ ᠤ ᠪᠠᠨ ᠬᠥᠭᠵᠢᠯ ᠳᠦ ᠬᠤᠪᠢ ᠨᠡᠮᠡᠷᠢ ᠪᠡᠨ ᠤᠷᠤᠭᠤᠯᠬᠤ ᠢᠯᠡᠭᠦᠦ ᠣᠯᠠᠨ ᠪᠣᠯᠤᠮᠵᠢ ᠪᠠᠢᠭ᠎ᠠ ᠶᠢ ᠲᠣᠳᠣᠳᠬᠠᠯ᠎ᠠ᠃

ᠮᠣᠩᠭᠣᠯ ᠤᠯᠤᠰ ᠤᠨ ᠢᠷᠭᠡᠨ ᠪᠦᠷᠢ ᠲᠥᠷᠥ ᠶᠢᠨ ᠠᠯᠪᠠᠨ ᠶᠣᠰᠣᠨ ᠤ ᠬᠡᠯᠡ ᠪᠣᠯᠤᠭᠰᠠᠨ ᠮᠣᠩᠭᠣᠯ ᠬᠡᠯᠡ ᠪᠡᠨ ᠰᠤᠷᠬᠤ ᠨᠢ ᠡᠷᠬᠡ ᠪᠡᠨ ᠡᠳ᠋ᠯᠡᠵᠦ᠂ ᠡᠭᠦᠷᠭᠡ ᠪᠡᠨ ᠪᠡᠶᠡᠯᠡᠭᠦᠯᠵᠦ᠂ ᠡᠬᠡ ᠣᠷᠣᠨ ᠤ ᠪᠠᠨ ᠢᠷᠭᠡᠨ ᠪᠠᠢᠬᠤ ᠶᠢᠨ ᠨᠢᠭᠡ ᠪᠠᠲᠤᠯᠠᠭ᠎ᠠ ᠭᠡᠳᠡᠭ ᠢ ᠬᠡᠯᠡᠵᠦ᠂ ᠰᠤᠷᠤᠯᠭ᠎ᠠ ᠶᠢᠨ ᠠᠮᠵᠢᠯᠲᠠ ᠬᠦᠰᠡᠨ ᠢᠷᠦᠭᠡᠪᠡ᠃

ᠰᠡᠳᠬᠢᠭᠳᠡᠯ ᠦᠯᠡᠳᠡᠭᠡᠬᠦ