ᠦᠨᠳᠦᠰᠦᠨ ᠦ ᠠᠶᠤᠯᠭᠦᠢ ᠪᠠᠢᠳᠠᠯ ᠤᠨ ᠵᠥᠪᠯᠡᠯ  ᠡᠭᠦᠷᠭᠡ ᠥᠭ᠍ᠭᠦᠯ᠎ᠡ | News.MN

ᠦᠨᠳᠦᠰᠦᠨ ᠦ ᠠᠶᠤᠯᠭᠦᠢ ᠪᠠᠢᠳᠠᠯ ᠤᠨ ᠵᠥᠪᠯᠡᠯ  ᠡᠭᠦᠷᠭᠡ ᠥᠭ᠍ᠭᠦᠯ᠎ᠡ

ᠮᠣᠩᠭᠣᠯ ᠤᠯᠤᠰ ᠤᠨ ᠶᠡᠷᠦᠩᠬᠡᠢᠢᠯᠡᠭ᠍ᠴᠢ᠂ ᠦᠨᠳᠦᠰᠦᠨ ᠦ ᠠᠶᠤᠯᠭᠦᠢ ᠪᠠᠢᠳᠠᠯ ᠤᠨ ᠵᠥᠪᠯᠡᠯ ᠦᠨ ᠲᠡᠷᠢᠭᠦᠨ ᠤ᠊ ∙ ᠬᠦᠷᠡᠯᠰᠦ᠋ᠬᠡ ᠵᠠᠰᠠᠭ ᠤᠨ ᠭᠠᠵᠠᠷ ᠤᠨ ᠭᠡᠰᠢᠭᠦᠳ᠂ ᠦᠨᠳᠦᠰᠦᠨ ᠦ ᠠᠶᠤᠯᠭᠦᠢ ᠪᠠᠢᠳᠠᠯ ᠢ ᠬᠠᠩᠭᠠᠬᠤ ᠴᠢᠭ ᠡᠭᠦᠷᠭᠡ ᠪᠦᠬᠦᠢ ᠪᠠᠢᠭᠤᠯᠤᠯᠭ᠎ᠠ ᠨᠤᠭᠤᠳ ᠤᠨ ᠤᠳᠤᠷᠢᠳᠤᠯᠭ᠎ᠠ ᠲᠠᠢ ᠠᠭᠤᠯᠵᠠᠯ᠎ᠠ᠃

ᠲᠡᠷᠡ ᠪᠠᠶᠠᠨ-ᠥᠯᠥᠭᠡᠢ ᠠᠢᠮᠠᠭ ᠲᠤ ᠠᠵᠢᠯᠯᠠᠬᠤ ᠦᠶ᠎ᠡ ᠪᠡᠷ ᠢᠶᠡᠨ ᠠᠢᠮᠠᠭ ᠤᠨ ᠤᠳᠤᠷᠢᠳᠬᠤ ᠠᠯᠪᠠᠨ ᠲᠤᠰᠢᠶᠠᠯᠲᠠᠳ ᠲᠤ ᠡᠭᠦᠷᠭᠡ ᠳᠠᠭᠠᠭᠠᠯᠭᠠᠪᠤᠷᠢ ᠥᠭᠴᠦ᠂ ᠪᠡᠶᠡᠯᠡᠯᠲᠡ ᠳᠦ ᠨᠢ ᠣᠨᠴᠠᠭᠠᠢ ᠠᠩᠬᠠᠷᠬᠤ ᠪᠠᠨ ᠬᠡᠯᠡᠭᠰᠡᠨ᠃ ᠡᠨᠡ ᠬᠦᠷᠢᠶᠡᠨ ᠳᠦ ᠦᠨᠳᠦᠰᠦᠨ ᠬᠠᠤᠯᠢ ᠶᠢ ᠳᠡᠭᠡᠳᠦᠯᠡᠨ ᠠᠵᠢᠯᠯᠠᠬᠤ᠂ ᠲᠥᠷᠥ ᠶᠢᠨ ᠬᠣᠯᠪᠣᠭᠳᠠᠬᠤ ᠪᠠᠢᠭᠤᠯᠤᠯᠭ᠎ᠠ ᠨᠤᠭᠤᠳ ᠲᠣᠳᠣᠷᠬᠠᠢ ᠲᠥᠯᠥᠪᠯᠡᠭᠡ ᠭᠠᠷᠭᠠᠵᠤ᠂ ᠬᠡᠷᠡᠭᠵᠢᠯᠲᠡ ᠶᠢ ᠬᠠᠩᠭᠠᠬᠤ ᠶᠢ ᠡᠭᠦᠷᠭᠡ ᠪᠣᠯᠭᠠᠯ᠎ᠠ᠃

ᠮᠣᠩᠭᠣᠯ ᠤᠯᠤᠰ ᠤᠨ ᠲᠤᠰᠠᠭᠠᠷ ᠲᠣᠭᠲᠠᠨᠢᠯ᠂ ᠦᠨᠳᠦᠰᠦᠨ ᠦ ᠠᠶᠤᠯᠭᠦᠢ ᠪᠠᠢᠳᠠᠯ᠂ ᠠᠷᠠᠳ ᠲᠦᠮᠡᠨ ᠦ ᠡᠪ ᠨᠢᠭᠡᠳᠦᠯ ᠳᠦ ᠰᠥᠷᠭᠡᠦ  ᠪᠡᠷ ᠨᠦᠯᠦᠭᠡᠯᠡᠬᠦ ᠡᠷᠡᠰᠳᠡᠯ ᠪᠦᠬᠦᠢ ᠠᠯᠢᠪᠠ ᠬᠠᠤᠯᠢ ᠪᠤᠰᠤ ᠦᠢᠯᠡ ᠠᠵᠢᠯᠯᠠᠭ᠎ᠠ ᠶᠢ ᠲᠠᠰᠤᠯᠤᠨ ᠵᠣᠭᠰᠣᠭᠠᠵᠤ᠂ ᠬᠠᠤᠯᠢ ᠶᠢᠨ ᠬᠦᠷᠢᠶᠡᠨ ᠳᠦ ᠠᠷᠭ᠎ᠠ ᠬᠡᠮᠵᠢᠶ᠎ᠡ ᠠᠪᠴᠤ ᠠᠵᠢᠯᠯᠠᠬᠤ᠂ ᠪᠠᠶᠠᠨ-ᠥᠯᠥᠭᠡᠢ ᠠᠢᠮᠠᠭ ᠤᠨ ᠰᠤᠷᠤᠭᠴᠢᠳ ᠲᠥᠷᠥ ᠶᠢᠨ ᠠᠯᠪᠠᠨ ᠶᠣᠰᠣᠨ ᠤ ᠬᠡᠯᠡ ᠪᠣᠯᠬᠤ ᠮᠣᠩᠭᠣᠯ ᠬᠡᠯᠡ ᠪᠡᠨ ᠰᠤᠷᠴᠤ ᠡᠵᠡᠮᠰᠢᠬᠦ ᠨᠥᠬᠥᠴᠡᠯ᠂ ᠪᠣᠯᠤᠮᠵᠢ ᠶᠢ ᠰᠠᠢᠵᠢᠷᠠᠭᠤᠯᠬᠤ ᠳᠤ ᠣᠨᠴᠠᠭᠠᠢ ᠠᠩᠬᠠᠷᠬᠤ ᠱᠠᠭᠠᠷᠳᠠᠯᠭ᠎ᠠ ᠲᠠᠢ ᠶᠢ ᠣᠨᠴᠠᠯᠠᠯ᠎ᠠ᠃

ᠮᠥᠨ ᠮᠣᠩᠭᠣᠯ ᠤᠯᠤᠰ ᠤᠨ ᠨᠤᠲᠤᠭ ᠳᠡᠪᠢᠰᠬᠡᠷ ᠲᠦ ᠵᠥᠪᠰᠢᠶᠡᠷᠡᠯ ᠦᠭᠡᠢ ᠪᠠᠷᠢᠭᠳᠠᠭᠰᠠᠨ ᠬᠥᠰᠢᠶ᠎ᠡ᠂ ᠳᠤᠷᠠᠰᠬᠠᠯ᠂ ᠪᠤᠩᠬᠤᠨ ᠵᠡᠷᠭᠡ ᠶᠢ ᠴᠡᠭᠴᠡᠯᠡᠵᠦ᠂ ᠬᠠᠤᠯᠢ ᠡᠷᠬᠡ ᠵᠦᠢ ᠶᠢᠨ ᠣᠷᠴᠢᠨ ᠢ ᠪᠣᠯᠪᠠᠰᠤᠷᠠᠩᠭᠤᠢ ᠪᠣᠯᠭᠠᠬᠤ᠂ ᠭᠠᠵᠠᠷ᠂ ᠣᠷᠣᠨ ᠤ ᠨᠡᠷ᠎ᠡ ᠶᠢ ᠳᠤᠷ᠎ᠠ ᠪᠠᠷ ᠥᠭᠡᠷᠡᠴᠢᠯᠡᠬᠦ ᠵᠡᠷᠭᠡ ᠠᠰᠠᠭᠤᠳᠠᠯ ᠳᠤ ᠲᠣᠳᠣᠷᠬᠠᠢ ᠵᠣᠬᠢᠴᠠᠭᠤᠯᠤᠯᠲᠠ ᠪᠤᠢ ᠪᠣᠯᠭᠠᠬᠤ ᠨᠢ ᠨᠡᠩ ᠴᠢᠬᠤᠯᠠ ᠭᠡᠳᠡᠭ ᠢ ᠬᠡᠯᠡᠪᠡ

ᠳᠡᠭᠡᠷᠡᠬᠢ ᠡᠭᠦᠷᠭᠡ᠂ ᠴᠢᠭᠯᠡᠯ ᠦᠨ ᠬᠦᠷᠢᠶᠡᠨ ᠳᠦ ᠦᠨᠳᠦᠰᠦᠨ ᠦ ᠠᠶᠤᠯᠭᠦᠢ ᠪᠠᠢᠳᠠᠯ ᠤᠨ ᠵᠥᠪᠯᠡᠯ ᠦᠨ ᠠᠵᠢᠯ ᠤᠨ ᠠᠯᠪᠠᠨ ᠤ ᠳᠡᠷᠭᠡᠳᠡ ᠬᠠᠮᠲᠤᠷᠠᠭᠰᠠᠨ ᠠᠵᠢᠯ ᠤᠨ ᠬᠡᠰᠡᠭ ᠪᠠᠢᠭᠤᠯᠵᠤ᠂ ᠲᠥᠷᠥ ᠶᠢᠨ ᠪᠠᠢᠭᠤᠯᠤᠯᠭ᠎ᠠ᠂ ᠣᠷᠣᠨ ᠨᠤᠲᠤᠭ ᠤᠨ ᠤᠳᠤᠷᠢᠳᠤᠯᠭ᠎ᠠ ᠶᠢᠨ ᠦᠢᠯᠡ ᠠᠵᠢᠯᠯᠠᠭ᠎ᠠ ᠶᠢ ᠤᠶᠠᠯᠳᠤᠭᠤᠯᠤᠨ ᠵᠣᠬᠢᠴᠠᠭᠤᠯᠵᠤ᠂ ᠳᠡᠮᠵᠢᠯᠭᠡ ᠦᠵᠡᠭᠦᠯᠦᠨ ᠠᠵᠢᠯᠯᠠᠬᠤ ᠶᠢ ᠡᠭᠦᠷᠭᠡ ᠪᠣᠯᠭᠠᠯ᠎ᠠ᠃

ᠰᠡᠳᠬᠢᠭᠳᠡᠯ ᠦᠯᠡᠳᠡᠭᠡᠬᠦ