ᠮᠣᠩᠭᠣᠯ᠂ ᠬᠢᠲᠠᠳ ᠤᠨ ᠣᠷᠴᠢᠨ ᠦᠶ᠎ᠡ ᠶᠢᠨ ᠤᠷᠠᠨ ᠪᠠᠷᠢᠮᠠᠯ ᠤᠨ ᠰᠢᠯᠢᠳᠡᠭ ᠲᠥᠯᠥᠭᠡᠯᠡᠯ ᠦᠳ ᠨᠢᠭᠡ ᠳᠣᠣᠷ᠎ᠠ ᠴᠤᠭᠯᠠᠵᠤ᠂ ᠬᠣᠶᠠᠷ ᠣᠷᠣᠨ ᠤ ᠰᠤᠶᠤᠯ ᠤᠷᠠᠯᠢᠭ ᠤᠨ ᠬᠠᠮᠲᠤ ᠶᠢᠨ ᠠᠵᠢᠯᠯᠠᠭ᠎ᠠ ᠶᠢ ᠰᠢᠨ᠎ᠡ ᠱᠠᠲᠤᠨ ᠳᠤ ᠭᠠᠷᠭᠠᠬᠤ 《Сrossroads-A Meeting of Minds》ᠦᠵᠡᠰᠬᠦᠯᠡᠩ ᠦᠨ ᠨᠡᠭᠡᠭᠡᠯᠲᠡ ᠥᠴᠥᠭᠡᠳᠦᠷ ᠪᠣᠯᠤᠯ᠎ᠠ᠃
ᠡᠨᠡ ᠬᠦ ᠦᠵᠡᠰᠬᠦᠯᠡᠩ ᠳᠦ ᠮᠣᠩᠭᠣᠯ ᠤᠨ 8᠂ ᠬᠢᠲᠠᠳ ᠤᠨ 14 ᠤᠷᠠᠨ ᠪᠠᠷᠢᠮᠠᠯᠴᠢ ᠥᠪᠡᠷᠰᠡᠳ ᠦᠨ ᠳᠠᠬᠢᠨ ᠳᠠᠪᠲᠠᠭᠳᠠᠰᠢ ᠦᠭᠡᠢ ᠰᠤᠶᠤᠯ᠂ ᠲᠡᠦᠬᠡ᠂ ᠠᠷᠭ᠎ᠠ ᠪᠠᠷᠢᠯ ᠪᠣᠯᠤᠨ ᠣᠷᠴᠢᠨ ᠦᠶ᠎ᠡ ᠶᠢᠨ ᠰᠡᠳᠬᠢᠯᠭᠡ ᠶᠢ ᠲᠤᠰᠬᠠᠭᠰᠠᠨ ᠬᠦᠷᠡᠯ᠂ ᠭᠠᠩ ᠤᠷᠠᠨ ᠪᠠᠷᠢᠮᠠᠯ ᠤᠳ ᠢ ᠣᠯᠠᠨ ᠨᠡᠢᠲᠡ ᠳᠦ ᠳᠡᠯᠭᠡᠨ ᠦᠵᠡᠭᠦᠯᠵᠦ ᠪᠤᠢ ᠪᠠᠷ ᠢᠶᠠᠨ ᠣᠨᠴᠠᠯᠢᠭ ᠲᠠᠢ᠃ ᠥᠭᠡᠷ᠎ᠡ ᠪᠡᠷ ᠬᠡᠯᠡᠪᠡᠯ᠂ ᠬᠣᠶᠠᠷ ᠣᠷᠣᠨ ᠤ ᠰᠢᠯᠢᠳᠡᠭ 22 ᠤᠷᠠᠨ ᠪᠠᠷᠢᠮᠠᠯᠴᠢ ᠶᠢᠨ 22 ᠰᠢᠯᠢᠮᠡᠯ ᠪᠦᠲᠦᠭᠡᠯ ᠢ ᠳᠡᠯᠭᠡᠭᠰᠡᠨ ᠭᠡᠰᠡᠨ ᠦᠭᠡ᠃
《Сrossroads-A Meeting of Minds》 ᠠᠴᠠ ᠳᠣᠷᠣᠨ᠎ᠠ ᠶᠢᠨ ᠪᠣᠯᠤᠨ ᠨᠡᠭᠦᠳᠡᠯᠴᠢᠳ ᠦᠨ ᠭᠣᠸ᠎ᠠ ᠵᠦᠢ ᠶᠢᠨ ᠰᠡᠳᠬᠢᠯᠭᠡ ᠶᠢ ᠣᠷᠴᠢᠨ ᠦᠶ᠎ᠡ ᠶᠢᠨ ᠤᠷᠠᠯᠢᠭ ᠤᠨ ᠬᠥᠭᠵᠢᠯ ᠲᠡᠢ ᠬᠥᠯ ᠨᠡᠢᠯᠡᠭᠦᠯᠦᠨ ᠬᠡᠷᠬᠢᠨ ᠲᠣᠳᠣᠷᠬᠠᠢᠯᠠᠵᠤ ᠪᠠᠢᠭ᠎ᠠ ᠶᠢ ᠬᠠᠷᠠᠬᠤ ᠪᠣᠯᠤᠮᠵᠢ ᠲᠠᠢ᠃
ᠬᠢᠲᠠᠳ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠤᠷᠠᠨ ᠪᠠᠷᠢᠮᠠᠯᠴᠢ ᠮᠠᠨᠳᠤᠭᠤᠯ ᠪᠦᠲᠦᠭᠡᠯ ᠦᠨ ᠢᠶᠡᠨ ᠲᠠᠯ᠎ᠠ ᠪᠠᠷ᠄ ᠦᠵᠡᠰᠬᠦᠯᠡᠩ ᠳᠦ《ᠰᠠᠯᠬᠢᠨ ᠬᠦᠯᠦᠭ》ᠪᠦᠲᠦᠭᠡᠯ ᠢᠶᠡᠷ ᠢᠶᠡᠨ ᠣᠷᠣᠯᠴᠠᠵᠤ ᠪᠠᠢᠨ᠎ᠠ᠃ ᠭᠠᠯ ᠮᠣᠷᠢᠨ ᠵᠢᠯ ᠳᠦ ᠪᠡᠨ ᠭᠠᠯ ᠰᠢᠭ᠋ ᠪᠠᠳᠠᠷᠠᠵᠤ᠂ ᠳᠦᠷᠡᠯᠵᠡᠵᠦ ᠶᠠᠪᠤᠬᠤ ᠶᠢ ᠪᠡᠯᠭᠡᠳᠡᠭᠰᠡᠨ᠃ ᠪᠢ ᠮᠣᠷᠢᠨ ᠳᠤ ᠳᠤᠷᠠᠲᠠᠢ᠃ ᠪᠠᠭ᠎ᠠ ᠠᠴᠠ ᠪᠠᠨ ᠯᠠ ᠮᠣᠷᠢᠨ ᠳᠡᠯ ᠳᠡᠭᠡᠷ᠎ᠡ ᠥᠰᠦᠭᠰᠡᠨ ᠤᠴᠢᠷ ᠠᠴᠠ ᠡᠨᠡ ᠰᠡᠳᠦᠪ ᠢ ᠰᠣᠩᠭᠣᠯ᠎ᠠ᠃ ᠪᠦᠲᠦᠭᠡᠯ ᠢᠶᠡᠨ ᠨᠢᠭᠡ ᠰᠠᠷ᠎ᠠ ᠶᠢᠨ ᠬᠤᠭᠤᠴᠠᠭᠠᠨ ᠳᠤ ᠤᠷᠠᠯᠠᠵᠤ ᠳᠠᠭᠤᠰᠬᠠᠭᠰᠠᠨ᠃ ᠠᠩᠬ᠎ᠠ ᠤᠳᠠᠭ᠎ᠠ ᠮᠣᠩᠭᠣᠯ ᠳᠤ ᠢᠷᠡᠵᠦ ᠮᠣᠩᠭᠣᠯᠴᠤᠳ ᠲᠤ ᠤᠷᠠᠨ ᠪᠦᠲᠦᠭᠡᠯ ᠢᠶᠡᠨ ᠦᠵᠡᠭᠦᠯᠬᠦ ᠵᠠᠪᠰᠢᠶᠠᠨ ᠲᠣᠬᠢᠶᠠᠯ᠎ᠠ》ᠭᠡᠵᠦ ᠰᠡᠳᠬᠢᠭᠳᠡᠯ ᠢᠶᠡᠨ ᠬᠤᠪᠢᠶᠠᠯᠴᠠᠯ᠎ᠠ᠃



