ᠣ᠊ ∙ ᠬᠦᠷᠡᠯᠰᠦ᠋ᠬᠡ ᠨᠢᠭᠡᠳᠦᠭ᠍ᠰᠡᠨ ᠦᠨᠳᠦᠰᠦᠨ ᠦ ᠪᠠᠢᠭᠤᠯᠤᠯᠭ᠎ᠠ ᠶᠢᠨ ᠬᠤᠷᠠᠯ ᠳᠤ ᠣᠷᠣᠯᠴᠠᠨ᠎ᠠ | News.MN

ᠣ᠊ ∙ ᠬᠦᠷᠡᠯᠰᠦ᠋ᠬᠡ ᠨᠢᠭᠡᠳᠦᠭ᠍ᠰᠡᠨ ᠦᠨᠳᠦᠰᠦᠨ ᠦ ᠪᠠᠢᠭᠤᠯᠤᠯᠭ᠎ᠠ ᠶᠢᠨ ᠬᠤᠷᠠᠯ ᠳᠤ ᠣᠷᠣᠯᠴᠠᠨ᠎ᠠ

ᠮᠣᠩᠭᠣᠯ ᠤᠯᠤᠰ ᠤᠨ  ᠶᠡᠷᠦᠩᠬᠡᠢᠢᠯᠡᠭ᠍ᠴᠢ ᠣ᠊ ∙ ᠬᠦᠷᠡᠯᠰᠦ᠋ᠬᠡ ᠠᠮᠧᠷᠢᠺᠠ ᠶᠢᠨ  ᠨᠢᠦ᠋ ᠶᠣᠷᠺ ᠬᠣᠲᠠᠨ᠎ᠠ ᠪᠤᠯᠬᠤ ᠨᠢᠭᠡᠳᠦᠭ᠍ᠰᠡᠨ ᠦᠨᠳᠦᠰᠦᠨ ᠦ ᠪᠠᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠶᠢᠨ 81 ᠳ᠋ᠤᠭᠡᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠳᠦ ᠣᠷᠣᠯᠴᠠᠨ᠎ᠠ᠃

ᠡᠨᠡ ᠵᠢᠯ ᠦᠨ ᠴᠢᠭᠤᠯᠭᠠᠨ ᠪᠣᠯᠣᠨ ᠶᠡᠷᠦᠩᠬᠡᠢ ᠰᠠᠨᠠᠯ ᠰᠢᠭᠦᠮᠵᠢᠯᠡᠯ ᠢ 《ᠢᠲᠡᠭᠡᠯᠴᠡᠯ ᠢ ᠰᠡᠷᠭᠦᠭᠡᠨ ᠲᠣᠭᠲᠠᠭᠠᠵᠤ᠂ ᠰᠢᠯᠵᠢᠯᠲᠡ ᠶᠢ ᠤᠳᠤᠷᠢᠳᠤᠨ ᠴᠢᠭ᠍ᠯᠡᠭᠦᠯᠵᠦ᠂ ᠪᠦᠭᠦᠳᠡ ᠳᠦ ᠬᠦᠷᠲᠡᠭᠡᠮᠵᠢᠲᠡᠢ ᠨᠢᠭᠡᠳᠦᠭ᠍ᠰᠡᠨ ᠦᠨᠳᠦᠰᠦᠲᠡᠨ ᠦ ᠪᠠᠢᠭᠤᠯᠤᠯᠭ᠎ᠠ ᠶᠢ ᠴᠣᠭᠴᠠᠯᠠᠬᠤ ᠨᠢ》 ᠰᠡᠳᠦᠪ ᠢᠶᠡᠷ ᠵᠣᠬᠢᠶᠠᠨ ᠪᠠᠢᠭᠤᠯᠵᠤ ᠪᠤᠢ᠃ ᠣ᠊ ∙ ᠬᠦᠷᠡᠯᠰᠦ᠋ᠬᠡ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠳᠦ ᠣᠷᠣᠯᠴᠠᠵᠤ᠂ ᠣᠯᠠᠨ ᠤᠯᠤᠰ ᠤᠨ ᠬᠠᠷᠢᠯᠴᠠᠭᠠᠨ ᠤ ᠲᠤᠯᠭᠠᠮᠳᠠᠭᠰᠠᠨ ᠠᠰᠠᠭᠤᠳᠠᠯ ᠢᠶᠠᠷ ᠮᠣᠩᠭᠣᠯ ᠤᠯᠤᠰ ᠤᠨ ᠪᠠᠢᠷᠢ ᠰᠠᠭᠤᠷᠢ ᠶᠢ ᠢᠯᠡᠷᠬᠡᠢᠢᠯᠡᠵᠦ ᠦᠭᠡ ᠬᠡᠯᠡᠬᠦ ᠶᠤᠮ᠃ ᠲᠡᠭᠦᠨᠴᠢᠯᠡᠨ ᠨᠢᠭᠡᠳᠦᠭ᠍ᠰᠡᠨ ᠦᠨᠳᠦᠰᠦᠨ ᠦ ᠪᠠᠢᠭᠤᠯᠤᠯᠭ᠎ᠠ ᠶᠢᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠪᠣᠯᠣᠨ ᠵᠠᠷᠢᠮ ᠤᠯᠤᠰ ᠤᠨ ᠲᠥᠷᠥ ᠶᠢᠨ ᠲᠡᠷᠢᠭᠦᠨ ᠲᠠᠢ ᠠᠭᠤᠯᠵᠠᠬᠤ ᠪᠠᠷ ᠲᠥᠯᠥᠪᠯᠡᠵᠦ ᠪᠠᠢᠨ᠎ᠠ᠃

ᠥᠩᠭᠡᠷᠡᠭ᠍ᠰᠡᠨ ᠵᠢᠯ ᠨᠢᠭᠡᠳᠦᠭ᠍ᠰᠡᠨ ᠦᠨᠳᠦᠰᠦᠨ ᠦ ᠪᠠᠢᠭᠤᠯᠤᠯᠭ᠎ᠠ 80 ᠵᠢᠯ ᠦᠨ ᠣᠢ ᠪᠠᠨ ᠲᠣᠬᠢᠶᠠᠯᠳᠤᠭᠤᠯᠤᠨ ᠶᠡᠷᠦᠩᠬᠡᠢ ᠠᠰᠰᠠᠮᠪᠯᠧᠢ ᠶᠢᠨ 80 ᠳ᠋ᠤᠭᠠᠷ ᠴᠢᠭᠤᠯᠭᠠᠨ᠂ ᠶᠡᠷᠦᠩᠬᠡᠢ ᠰᠠᠨᠠᠯ ᠰᠢᠭᠦᠮᠵᠢᠯᠡᠯ ᠢ 《ᠬᠠᠮᠲᠤ ᠳᠤ ᠪᠠᠨ ᠬᠦᠴᠦᠲᠡᠢ 80 ᠵᠢᠯ ᠪᠣᠯᠣᠨ ᠡᠩᠬᠡ ᠲᠠᠢᠪᠤᠩ᠂ ᠬᠥᠭ᠍ᠵᠢᠯ᠂ ᠳᠡᠪᠰᠢᠯ᠂ ᠬᠥᠮᠥᠨ ᠦ ᠡᠷᠬᠡ ᠶᠢᠨ ᠲᠥᠯᠦᠭᠡᠭᠢ ᠢᠯᠡᠭᠦᠦ ᠰᠠᠢᠬᠠᠨ ᠢᠷᠡᠭᠡᠳᠦᠢ》 ᠰᠡᠳᠦᠪ ᠢᠶᠡᠷ ᠵᠣᠬᠢᠶᠠᠨ ᠪᠠᠢᠭᠤᠯᠵᠠᠢ᠃

ᠰᠡᠳᠬᠢᠭᠳᠡᠯ ᠦᠯᠡᠳᠡᠭᠡᠬᠦ