ᠠᠦ᠋ᠰᠲᠷᠠᠯᠢᠶ᠎ᠠ ᠶᠢᠨ ᠫᠠᠷᠯᠠᠮᠧᠨᠲ ᠤᠨ ᠳᠠᠷᠤᠭ᠎ᠠ ᠮᠠᠨ ᠤ ᠤᠯᠤᠰ ᠲᠤ ᠠᠢᠯᠴᠢᠯᠠᠨ᠎ᠠ | News.MN

ᠠᠦ᠋ᠰᠲᠷᠠᠯᠢᠶ᠎ᠠ ᠶᠢᠨ ᠫᠠᠷᠯᠠᠮᠧᠨᠲ ᠤᠨ ᠳᠠᠷᠤᠭ᠎ᠠ ᠮᠠᠨ ᠤ ᠤᠯᠤᠰ ᠲᠤ ᠠᠢᠯᠴᠢᠯᠠᠨ᠎ᠠ

ᠠᠦ᠋ᠰᠲᠷᠠᠯᠢᠶ᠎ᠠ ᠶᠢᠨ ᠬᠣᠯᠪᠣᠭᠠᠨ ᠤ ᠤᠯᠤᠰ ᠤᠨ ᠫᠠᠷᠯᠠᠮᠧᠨᠲ ᠤᠨ ᠲᠥᠯᠥᠭᠡᠯᠡᠭᠴᠢᠳ ᠦᠨ ᠲᠠᠩᠬᠢᠮ ᠤᠨ ᠳᠠᠷᠤᠭ᠎ᠠ ᠮᠢᠯᠲ᠋ᠤᠨ ᠳ᠋ᠢᠺ ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠰ ∙ ᠪᠢᠮᠪᠠᠴᠣᠭᠲᠤ ᠶᠢᠨ ᠤᠷᠢᠯᠭ᠎ᠠ ᠪᠠᠷ ᠮᠠᠨ ᠤ ᠤᠯᠤᠰ ᠲᠤ ᠡᠨᠡ ᠰᠠᠷ᠎ᠠ ᠶᠢᠨ 22-23 ᠳᠦ ᠠᠯᠪᠠᠨ ᠶᠣᠰᠣᠨ ᠤ ᠠᠢᠯᠴᠢᠯᠠᠯ ᠬᠢᠨ᠎ᠡ᠃

ᠠᠢᠯᠴᠢᠯᠠᠯ ᠤᠨ ᠬᠦᠷᠢᠶᠡᠨ ᠳᠦ ᠰ ∙ ᠪᠢᠮᠪᠠᠴᠣᠭᠲᠤ᠂ ᠮᠢᠯᠲ᠋ᠤᠨ ᠳ᠋ᠢᠺ ᠨᠠᠷ ᠠᠯᠪᠠᠨ ᠶᠣᠰᠣᠨ ᠤ ᠬᠡᠯᠡᠯᠴᠡᠭᠡ ᠬᠢᠵᠦ᠂ ᠬᠣᠶᠠᠷ ᠤᠯᠤᠰ ᠤᠨ ᠫᠠᠷᠯᠠᠮᠧᠨᠲ ᠬᠣᠭᠣᠷᠣᠨᠳᠣ ᠶᠢᠨ ᠬᠠᠮᠲᠤ ᠶᠢᠨ ᠠᠵᠢᠯᠯᠠᠭ᠎ᠠ ᠪᠣᠯᠤᠨ ᠮᠣᠩᠭᠣᠯ᠂ ᠠᠦ᠋ᠰᠲᠷᠠᠯᠢᠶ᠎ᠠ  ᠶᠢᠨ ᠬᠠᠷᠢᠯᠴᠠᠭ᠎ᠠ ᠶᠢ ᠬᠥᠭᠵᠢᠭᠦᠯᠬᠦ ᠠᠰᠠᠭᠤᠳᠠᠯ ᠢᠶᠠᠷ ᠰᠠᠨᠠᠯ ᠰᠣᠯᠢᠯᠴᠠᠨ᠎ᠠ᠃ ᠮᠢᠯᠲ᠋ᠤᠨ ᠳ᠋ᠢᠺ ᠪᠠᠰᠠ ᠶᠡᠷᠦᠩᠬᠡᠢ ᠰᠠᠢᠳ ᠨ ∙ ᠤᠴᠠᠷᠠᠯ ᠲᠠᠢ ᠠᠭᠤᠯᠵᠠᠵᠤ᠂ ᠬᠣᠶᠠᠷ ᠣᠷᠣᠨ ᠤ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠶᠠᠷᠢᠯᠴᠠᠨ᠎ᠠ᠃

ᠡᠨᠡ ᠬᠦ ᠠᠢᠯᠴᠢᠯᠠᠯ ᠨᠢ ᠠᠦ᠋ᠰᠲᠷᠠᠯᠢᠶ᠎ᠠ  ᠶᠢᠨ ᠫᠠᠷᠯᠠᠮᠧᠨᠲ ᠤᠨ ᠲᠥᠯᠥᠭᠡᠯᠡᠭᠴᠢᠳ ᠦᠨ ᠲᠠᠩᠬᠢᠮ ᠤᠨ ᠳᠠᠷᠤᠭ᠎ᠠ ᠶᠢᠨ ᠲᠦᠪᠰᠢᠨ ᠳᠦ ᠮᠣᠩᠭᠣᠯ ᠤᠯᠤᠰ ᠲᠤ ᠬᠢᠵᠦ ᠪᠤᠢ ᠭᠤᠷᠪᠠᠳᠠᠬᠢ ᠠᠢᠯᠴᠢᠯᠠᠯ ᠶᠤᠮ᠃

ᠰᠡᠳᠬᠢᠭᠳᠡᠯ ᠦᠯᠡᠳᠡᠭᠡᠬᠦ