ᠣᠷᠣᠰ ᠤᠨ ᠬᠣᠯᠪᠣᠭᠠᠨ ᠤ ᠤᠯᠤᠰ ᠤᠨ ᠮᠣᠰᠺᠸᠠ ᠬᠣᠲᠠᠨ᠎ᠠ ᠪᠣᠯᠵᠤ ᠪᠤᠢ ᠠᠽᠢᠶ᠎ᠠ ᠨᠣᠮᠣᠬᠠᠨ ᠳᠠᠯᠠᠢ ᠶᠢᠨ ᠮᠡᠳᠡᠭᠡᠯᠡᠯ ᠦᠨ ᠠᠭᠧᠨᠲᠯᠢᠭ ᠤᠳ ᠤᠨ ᠪᠠᠢᠭᠤᠯᠤᠯᠭ᠎ᠠ︵OANA︶ ᠶᠢᠨ ᠭᠦᠢᠴᠡᠳᠭᠡᠬᠦ ᠬᠣᠷᠢᠶᠠᠨ ᠤ ᠡᠭᠡᠯᠵᠢᠲᠦ ᠬᠤᠷᠠᠯ ᠤᠨ ᠬᠦᠷᠢᠶᠡᠨ ᠳᠦ ᠮᠣᠩᠭᠣᠯ ᠤᠨ ᠴᠠᠬᠢᠯᠭᠠᠨ ᠮᠡᠳᠡᠭᠡᠨ ᠦ ᠠᠭᠧᠨᠲᠯᠢᠭ ᠪᠣᠯᠤᠨ ᠪᠦᠭᠦᠳᠡ ᠨᠠᠢᠷᠠᠮᠳᠠᠬᠤ ᠰᠣᠴᠢᠶᠠᠯᠢᠰᠲ ᠸᠢᠶᠧᠲ᠋ᠨᠠᠮ ᠤᠯᠤᠰ ᠤᠨ ᠮᠡᠳᠡᠭᠡᠯᠡᠯ ᠦᠨ VNA ᠠᠭᠧᠨᠲᠯᠢᠭ ᠶᠢᠰᠦᠳᠦᠭᠡᠷ ᠰᠠᠷ᠎ᠠ ᠶᠢᠨ 21 ᠦ ᠡᠳᠦᠷ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠢ ᠪᠠᠢᠭᠤᠯᠤᠯ᠎ᠠ᠃
ᠬᠣᠶᠠᠷ ᠠᠭᠧᠨᠲᠯᠢᠭ ᠨᠢ ᠣᠯᠠᠨ ᠵᠢᠯ ᠦᠨ ᠲᠤᠷᠰᠢ ᠬᠠᠮᠲᠤᠷᠠᠨ ᠠᠵᠢᠯᠯᠠᠵᠤ᠂ ᠮᠡᠳᠡᠭᠡ ᠮᠡᠳᠡᠭᠡᠯᠡᠯ ᠰᠣᠯᠢᠯᠴᠠᠬᠤ ᠶᠢᠨ ᠵᠡᠷᠭᠡᠴᠡᠭᠡ ᠵᠢᠯ ᠪᠦᠷᠢ ᠰᠡᠳᠬᠦᠯᠴᠢ᠂ ᠰᠤᠷᠪᠤᠯᠵᠢᠯᠠᠭᠴᠢᠳ ᠢᠶᠠᠨ ᠰᠣᠯᠢᠯᠴᠠᠵᠤ ᠬᠠᠷᠢᠯᠴᠠᠨ ᠲᠤᠷᠰᠢᠯᠭ᠎ᠠ ᠰᠤᠳᠤᠯᠵᠤ ᠢᠷᠡᠭᠰᠡᠨ ᠤᠯᠠᠮᠵᠢᠯᠠᠯ ᠲᠠᠢ᠃ ᠬᠣᠶᠠᠷ ᠠᠭᠧᠨᠲᠯᠢᠭ ᠬᠠᠮᠤᠭ ᠤᠨ ᠰᠡᠭᠦᠯ ᠳᠦ 2017 ᠣᠨ ᠳᠤ ᠬᠠᠮᠲᠤᠷᠠᠨ ᠠᠵᠢᠯᠯᠠᠬᠤ ᠭᠡᠷ᠎ᠡ ᠶᠢ ᠰᠢᠨᠡᠴᠢᠯᠡᠨ ᠪᠠᠢᠭᠤᠯᠤᠭᠰᠠᠨ ᠪᠣᠯ ᠡᠨᠡ ᠤᠳᠠᠭ᠎ᠠ ᠴᠠᠭᠠᠰᠢᠳᠠ ᠶᠢᠨ ᠬᠠᠮᠲᠤ ᠶᠢᠨ ᠠᠵᠢᠯᠯᠠᠭᠠᠨ ᠤ ᠵᠠᠷᠴᠢᠮ ᠢᠶᠠᠨ ᠲᠣᠭᠲᠠᠭᠰᠠᠨ ᠰᠠᠨᠠᠮᠵᠢ ᠪᠢᠴᠢᠭ ᠢ ᠰᠢᠨᠡᠴᠢᠯᠡᠨ ᠪᠠᠢᠭᠤᠯᠤᠯ᠎ᠠ᠃
VNA ᠠᠭᠧᠨᠲᠯᠢᠭ ᠨᠢ ᠮᠣᠰᠺᠸᠠ ᠬᠣᠲᠠ ᠳᠤ ᠬᠤᠷᠠᠯᠳᠤᠵᠤ ᠪᠤᠢ OANA ᠤᠨ ᠭᠦᠢᠴᠡᠳᠭᠡᠬᠦ ᠬᠣᠷᠢᠶᠠᠨ ᠤ ᠬᠤᠷᠠᠯ ᠠᠴᠠ 2027 ᠣᠨ ᠳᠤ ᠭᠦᠢᠴᠡᠳᠭᠡᠬᠦ ᠬᠣᠷᠢᠶᠠᠨ ᠤ ᠡᠭᠡᠯᠵᠢᠲᠦ ᠬᠤᠷᠠᠯ ᠢ ᠡᠬᠡ ᠣᠷᠣᠨ ᠳᠤ ᠪᠠᠨ ᠵᠣᠬᠢᠶᠠᠨ ᠪᠠᠢᠭᠤᠯᠬᠤ ᠡᠷᠬᠡ ᠶᠢ ᠠᠪᠤᠭᠠᠳ ᠪᠠᠢᠨ᠎ᠠ᠃



