ᠠᠳᠤᠭᠤᠨ ᠤ ᠰᠤᠶᠤᠯ ᠢ ᠬᠥᠭᠵᠢᠭᠦᠯᠬᠦ ᠴᠣᠭᠴᠠᠯᠠᠪᠤᠷᠢ ᠪᠠᠢᠭᠤᠯᠤᠨ᠎ᠠ | News.MN

ᠠᠳᠤᠭᠤᠨ ᠤ ᠰᠤᠶᠤᠯ ᠢ ᠬᠥᠭᠵᠢᠭᠦᠯᠬᠦ ᠴᠣᠭᠴᠠᠯᠠᠪᠤᠷᠢ ᠪᠠᠢᠭᠤᠯᠤᠨ᠎ᠠ

ᠪᠦᠭᠦᠳᠡ ᠨᠠᠢᠷᠠᠮᠳᠠᠬᠤ ᠰᠣᠯᠣᠩᠭᠣᠰ ᠤᠯᠤᠰ ᠤᠨ ᠮᠣᠷᠢᠨ ᠤᠷᠤᠯᠳᠤᠭᠠᠨ ᠤ ᠠᠭᠧᠨᠲᠯᠢᠭ ᠬᠥᠪᠰᠥᠭᠥᠯ ᠠᠢᠮᠠᠭ ᠲᠠᠢ ᠠᠳᠤᠭᠤᠨ ᠤ ᠰᠤᠶᠤᠯ ᠤᠨ ᠰᠣᠯᠢᠯᠴᠠᠭ᠎ᠠ ᠶᠢ ᠬᠥᠭᠵᠢᠭᠦᠯᠬᠦ ᠴᠢᠭᠯᠡᠯ ᠢᠶᠡᠷ ᠬᠠᠷᠢᠯᠴᠠᠨ ᠣᠢᠯᠠᠭᠠᠯᠴᠠᠯ ᠤᠨ ᠰᠠᠨᠠᠮᠵᠢ ᠪᠢᠴᠢᠭ ᠪᠠᠢᠭᠤᠯᠤᠯ᠎ᠠ᠃ ᠬᠠᠮᠲᠤ ᠶᠢᠨ ᠠᠵᠢᠯᠯᠠᠭᠠᠨ ᠤ ᠬᠦᠷᠢᠶᠡᠨ ᠳᠦ ᠬᠥᠪᠰᠥᠭᠥᠯ ᠳᠦ ᠠᠳᠤᠭᠤᠨ ᠤ ᠰᠤᠶᠤᠯ ᠤᠨ ᠴᠣᠭᠴᠠᠯᠠᠪᠤᠷᠢ ᠪᠠᠢᠭᠤᠯᠬᠤ᠂ ᠬᠥᠭᠵᠢᠭᠦᠯᠬᠦ ᠶᠢᠨ ᠵᠡᠷᠭᠡᠴᠡᠭᠡ ᠰᠤᠶᠤᠯ᠂ ᠠᠶᠠᠯᠠᠯ ᠵᠢᠭᠤᠯᠴᠢᠯᠠᠯ ᠤᠨ ᠲᠥᠰᠥᠯ ᠬᠡᠷᠡᠭᠵᠢᠭᠦᠯᠵᠦ᠂ ᠣᠷᠣᠨ ᠨᠤᠲᠤᠭ ᠤᠨ ᠡᠳ᠋ ᠦᠨ ᠵᠠᠰᠠᠭ ᠤᠨ ᠢᠳᠡᠪᠬᠢ ᠶᠢ ᠨᠡᠮᠡᠭᠳᠡᠭᠦᠯᠬᠦ ᠪᠡᠷ ᠪᠣᠯᠵᠠᠢ᠃ ᠮᠥᠨ ᠠᠽᠢᠶ᠎ᠠ ᠲᠢᠪ ᠲᠦ ᠠᠳᠤᠭᠤᠨ ᠤ ᠰᠤᠶᠤᠯ ᠢ ᠲᠦᠭᠡᠭᠡᠨ ᠬᠥᠭᠵᠢᠭᠦᠯᠬᠦ ᠳᠦ ᠬᠠᠮᠲᠤᠷᠠᠨ ᠠᠵᠢᠯᠯᠠᠨ᠎ᠠ᠃

ᠴᠢᠨᠠᠭᠰᠢᠳᠠ ᠬᠣᠶᠠᠷ ᠲᠠᠯ᠎ᠠ ᠮᠣᠷᠢᠲᠤ ᠬᠠᠷᠪᠤᠭ᠎ᠠ᠂ ᠮᠣᠷᠢᠨ ᠳᠡᠭᠡᠷᠡᠬᠢ ᠪᠥᠬᠡ ᠵᠡᠷᠭᠡ ᠮᠣᠷᠢᠨ ᠰᠫᠣᠷᠲ ᠤᠨ ᠲᠥᠷᠥᠯ ᠦᠳ ᠢ ᠨᠢᠭᠡᠳᠦᠭᠰᠡᠨ ᠳᠦᠷᠢᠮ᠂ ᠰᠲ᠋ᠠᠨᠳᠠᠷᠲ ᠲᠠᠢ ᠪᠣᠯᠭᠠᠨ ᠬᠥᠭᠵᠢᠭᠦᠯᠵᠦ᠂ ᠣᠯᠠᠨ ᠤᠯᠤᠰ ᠤᠨ ᠬᠡᠮᠵᠢᠶᠡᠨ ᠳᠦ ᠥᠷᠭᠡᠵᠢᠭᠦᠯᠬᠦ ᠪᠡᠷ ᠵᠣᠷᠢᠵᠤ ᠪᠠᠢᠨ᠎ᠠ᠃ ᠡᠭᠦᠨ ᠲᠡᠢ ᠬᠣᠯᠪᠣᠭᠠᠲᠠᠢ ᠪᠠᠷ ᠪᠦᠭᠦᠳᠡ ᠨᠠᠢᠷᠠᠮᠳᠠᠬᠤ ᠰᠣᠯᠣᠩᠭᠣᠰ ᠤᠯᠤᠰ  ᠤᠨ ᠮᠣᠷᠢᠨ ᠤᠷᠤᠯᠳᠤᠭᠠᠨ ᠤ ᠭᠠᠵᠠᠷ︵KRA︶ ᠢ ᠲᠥᠪ ᠪᠣᠯᠭᠠᠨ ᠣᠯᠠᠨ ᠤᠯᠤᠰ ᠤᠨ ᠮᠣᠷᠢᠨ ᠰᠫᠣᠷᠲ ᠤᠨ ᠬᠥᠭᠵᠢᠯ ᠢ ᠳᠡᠮᠵᠢᠬᠦ ᠤᠷᠲᠤ ᠬᠤᠭᠤᠴᠠᠭᠠᠨ ᠤ ᠲᠥᠯᠥᠪᠯᠡᠭᠡ ᠪᠣᠯᠪᠠᠰᠤᠷᠠᠭᠤᠯᠵᠤ ᠪᠠᠢᠭ᠎ᠠ ᠶᠤᠮ᠃

ᠮᠣᠩᠭᠣᠯ ᠤᠯᠤᠰ ᠲᠤ ᠠᠯᠪᠠᠨ ᠶᠣᠰᠣᠭᠠᠷ ᠬᠦᠯᠢᠶᠡᠨ ᠵᠥᠪᠰᠢᠶᠡᠷᠡᠭᠳᠡᠭᠰᠡᠨ ᠮᠡᠷᠭᠡᠵᠢᠯ ᠦᠨ ᠤᠷ᠎ᠠ ᠴᠢᠳᠠᠪᠤᠷᠢ᠂ ᠮᠡᠳᠡᠯᠭᠡ ᠲᠡᠢ ᠮᠣᠩᠭᠣᠯ ᠤᠨ ᠠᠳᠤᠭᠤ ᠮᠠᠯᠯᠠᠭᠴᠢᠳ ᠲᠤ E-7 ᠸᠢᠽ ᠣᠯᠭᠤᠵᠤ᠂ ᠪᠦᠭᠦᠳᠡ ᠨᠠᠢᠷᠠᠮᠳᠠᠬᠤ ᠰᠣᠯᠣᠩᠭᠣᠰ ᠤᠯᠤᠰ ᠲᠤ ᠠᠵᠢᠯᠯᠠᠭᠤᠯᠬᠤ ᠪᠣᠯᠤᠮᠵᠢ ᠶᠢ ᠪᠦᠷᠢᠳᠦᠭᠦᠯᠬᠦ ᠪᠡᠷ ᠠᠵᠢᠯᠯᠠᠵᠤ ᠪᠠᠢᠭ᠎ᠠ ᠶᠢ ᠤᠯᠤᠰ ᠤᠨ ᠶᠡᠬᠡ ᠬᠤᠷᠠᠯ ᠤᠨ ᠭᠡᠰᠢᠭᠦᠨ ᠪ ∙ ᠪᠠᠲᠤᠡᠷᠳᠡᠨᠢ ᠬᠡᠯᠡᠯ᠎ᠡ᠃

ᠰᠡᠳᠬᠢᠭᠳᠡᠯ ᠦᠯᠡᠳᠡᠭᠡᠬᠦ