ᠮᠣᠩᠭᠣᠯ ᠤᠯᠤᠰ ᠲᠤ 4500 ᠭᠠᠷᠤᠢ ᠡᠮ ᠵᠦᠢᠴᠢ ᠠᠵᠢᠯᠯᠠᠵᠤ ᠪᠠᠢᠨ᠎ᠠ | News.MN

ᠮᠣᠩᠭᠣᠯ ᠤᠯᠤᠰ ᠲᠤ 4500 ᠭᠠᠷᠤᠢ ᠡᠮ ᠵᠦᠢᠴᠢ ᠠᠵᠢᠯᠯᠠᠵᠤ ᠪᠠᠢᠨ᠎ᠠ

ᠳᠡᠯᠡᠬᠡᠢ ᠳ᠋ᠠᠬᠢᠨ ᠳᠤ 2009 ᠣᠨ ᠠᠴᠠ ᠬᠣᠢᠰᠢ ᠵᠢᠯ ᠪᠦᠷᠢ ᠶᠢᠨ ᠶᠢᠰᠦᠳᠦᠭᠡᠷ ᠰᠠᠷ᠎ᠠ ᠶᠢᠨ 25 ᠤ ᠡᠳᠦᠷ ᠢ 《ᠳᠡᠯᠡᠬᠡᠢ ᠶᠢᠨ ᠡᠮ ᠵᠦᠢᠴᠢᠳ ᠦᠨ ᠡᠳᠦᠷ》 ᠪᠣᠯᠭᠠᠨ ᠲᠡᠮᠳᠡᠭᠯᠡᠳᠡᠭ ᠪᠣᠯᠵᠠᠢ᠃ ᠡᠨᠡ ᠵᠢᠯ ᠤᠭ ᠡᠳᠦᠷ ᠢ ᠡᠮ ᠵᠦᠢᠴᠢ ᠶᠢᠨ ᠥᠰᠦᠨ ᠨᠡᠮᠡᠭᠳᠡᠵᠦ ᠪᠠᠢᠭ᠎ᠠ ᠡᠭᠦᠷᠭᠡ ᠬᠠᠷᠢᠭᠤᠴᠠᠯᠭ᠎ᠠ ᠶᠢ ᠣᠯᠠᠨ ᠨᠡᠢᠲᠡ ᠳᠦ ᠰᠤᠷᠲᠠᠯᠴᠢᠯᠠᠬᠤ᠂ ᠡᠮ ᠦᠨ ᠬᠡᠷᠡᠭᠯᠡᠭᠡᠨ ᠳᠦ ᠡᠮᠴᠢ᠂ ᠡᠮ ᠵᠦᠢ ᠶᠢᠨ ᠮᠡᠷᠭᠡᠵᠢᠯᠲᠡᠨ᠂ ᠢᠷᠭᠡᠨ ᠪᠦᠷ ᠬᠠᠷᠢᠭᠤᠴᠠᠯᠭ᠎ᠠ ᠲᠠᠢ ᠬᠠᠨᠳᠤᠬᠤ᠂ ᠡᠪᠡᠳᠴᠢᠯᠡᠯ ᠡᠴᠡ ᠤᠷᠢᠳᠴᠢᠯᠠᠨ ᠰᠡᠷᠭᠡᠢᠢᠯᠡᠬᠦ᠂ ᠡᠪᠡᠳᠴᠢᠨ ᠢ ᠡᠷᠲᠡ ᠢᠯᠡᠷᠡᠭᠦᠯᠬᠦ᠂ ᠢᠯᠡᠭᠦᠦ ᠡᠷᠡᠭᠦᠯ ᠴᠢᠨᠠᠷ ᠲᠠᠢ ᠠᠮᠢᠳᠤᠷᠠᠯ ᠢ ᠳᠡᠮᠵᠢᠬᠦ ᠵᠣᠷᠢᠯᠭ᠎ᠠ ᠪᠠᠷ 《ᠡᠷᠡᠭᠦᠯ ᠢᠷᠡᠭᠡᠳᠦᠢ ᠶᠢᠨ ᠲᠥᠯᠥᠭᠡ ᠴᠢᠳᠠᠪᠬᠢ ᠲᠠᠢ ᠡᠮ ᠵᠦᠢᠴᠢ ᠲᠡᠢ ᠬᠠᠮᠲᠤ》 ᠤᠷᠢᠶᠠᠨ ᠳᠣᠣᠷ᠎ᠠ ᠲᠡᠮᠳᠡᠭᠯᠡᠵᠦ ᠪᠠᠢᠨ᠎ᠠ᠃

ᠥᠨᠥᠳᠥᠷ ᠮᠣᠩᠭᠣᠯ ᠤᠯᠤᠰ  ᠲᠤ 28 ᠡᠮ ᠦᠨ ᠦᠢᠯᠡᠳᠪᠦᠷᠢ᠂ 600 ᠭᠠᠷᠤᠢ ᠡᠮ᠂ ᠡᠮᠨᠡᠯᠭᠡ ᠶᠢᠨ ᠬᠡᠷᠡᠭᠰᠡᠯ ᠬᠠᠩᠭᠠᠨ ᠨᠡᠢᠯᠡᠭᠦᠯᠬᠦ ᠪᠠᠢᠭᠤᠯᠤᠯᠭ᠎ᠠ᠂ 3000 ᠭᠠᠷᠤᠢ ᠡᠮ ᠦᠨ ᠰᠠᠩ᠂ ᠤᠯᠤᠰ ᠤᠨ ᠪᠣᠯᠤᠨ ᠬᠤᠪᠢ ᠶᠢᠨ ᠬᠡᠪᠰᠢᠯ ᠦᠨ ᠡᠮᠨᠡᠯᠭᠡ ᠨᠦᠭᠦᠳ ᠪᠣᠯᠤᠨ ᠪᠤᠰᠤᠳ ᠰᠠᠯᠪᠤᠷᠢ ᠳᠤ ᠨᠡᠢᠲᠡ 4546 ᠡᠮ ᠵᠦᠢᠴᠢ᠂ 2177 ᠡᠮ ᠨᠠᠢᠷᠠᠭᠤᠯᠤᠭᠴᠢ ᠠᠵᠢᠯᠯᠠᠵᠤ ᠪᠠᠢᠨ᠎ᠠ᠃

ᠰᠡᠳᠬᠢᠭᠳᠡᠯ ᠦᠯᠡᠳᠡᠭᠡᠬᠦ