ᠶᠡᠷᠦᠩᠬᠡᠢ ᠰᠠᠢᠳ ᠨ ∙ ᠤᠴᠠᠷᠠᠯ ᠶᠠᠫᠣᠨ ᠤᠯᠤᠰ ᠲᠤ ᠠᠯᠪᠠᠨ ᠶᠣᠰᠣᠨ ᠤ ᠠᠢᠯᠴᠢᠯᠠᠯ ᠬᠢᠨ᠎ᠡ | News.MN

ᠶᠡᠷᠦᠩᠬᠡᠢ ᠰᠠᠢᠳ ᠨ ∙ ᠤᠴᠠᠷᠠᠯ ᠶᠠᠫᠣᠨ ᠤᠯᠤᠰ ᠲᠤ ᠠᠯᠪᠠᠨ ᠶᠣᠰᠣᠨ ᠤ ᠠᠢᠯᠴᠢᠯᠠᠯ ᠬᠢᠨ᠎ᠡ

ᠮᠣᠩᠭᠣᠯ ᠤᠯᠤᠰ ᠤᠨ ᠶᠡᠷᠦᠩᠬᠡᠢ ᠰᠠᠢᠳ ᠨ ∙ ᠤᠴᠠᠷᠠᠯ ᠶᠠᠫᠣᠨ ᠤᠯᠤᠰ ᠤᠨ ᠶᠡᠷᠦᠩᠬᠡᠢ ᠰᠠᠢᠳ ᠲᠠᠺᠠᠶ᠋ᠢᠴᠢ ᠰᠠᠨᠠᠶᠧ ᠶᠢᠨ ᠤᠷᠢᠯᠭ᠎ᠠ ᠪᠠᠷ  ᠶᠢᠰᠦᠳᠦᠭᠡᠷ ᠰᠠᠷ᠎ᠠ ᠶᠢᠨ 27-30 ᠳᠦ ᠲᠤᠰ ᠤᠯᠤᠰ ᠲᠤ ᠠᠯᠪᠠᠨ ᠶᠣᠰᠣᠨ ᠤ ᠠᠢᠯᠴᠢᠯᠠᠯ ᠬᠢᠨ᠎ᠡ᠃ ᠡᠨᠡ ᠬᠦ ᠠᠢᠯᠴᠢᠯᠠᠯ ᠨᠢ  ᠲᠡᠭᠦᠨ ᠦ ᠭᠠᠳᠠᠭᠠᠳᠤ ᠤᠯᠤᠰ ᠲᠤ ᠬᠢᠵᠦ ᠪᠤᠢ ᠠᠩᠬᠠᠨ ᠤ ᠠᠯᠪᠠᠨ ᠶᠣᠰᠣᠨ ᠤ ᠠᠢᠯᠴᠢᠯᠠᠯ ᠶᠤᠮ᠃

ᠠᠢᠯᠴᠢᠯᠠᠯ ᠤᠨ ᠦᠶ᠎ᠡ ᠪᠡᠷ ᠶᠠᠫᠣᠨ ᠤᠯᠤᠰ ᠤᠨ ᠶᠡᠷᠦᠩᠬᠡᠢ ᠰᠠᠢᠳ ᠲᠠᠺᠠᠶ᠋ᠢᠴᠢ ᠰᠠᠨᠠᠶᠧ ᠲᠠᠢ ᠠᠯᠪᠠᠨ ᠶᠣᠰᠣᠨ ᠤ ᠬᠡᠯᠡᠯᠴᠡᠭᠡ ᠬᠢᠵᠦ᠂ ᠬᠣᠶᠠᠷ ᠲᠠᠯ᠎ᠠ ᠶᠢᠨ 《ᠬᠦᠮᠦᠨ》ᠲᠥᠪ ᠲᠡᠢ  ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ《ᠡᠩᠬᠡ ᠲᠠᠢᠪᠤᠩ᠂ ᠬᠥᠭᠵᠢᠯ ᠴᠡᠴᠡᠭᠯᠡᠯᠲᠡ ᠶᠢᠨ ᠲᠥᠯᠦᠭᠡᠬᠢ ᠲᠤᠰᠬᠠᠢ ᠰᠲᠷᠠᠲ᠋ᠧᠭᠢ ᠶᠢᠨ ᠲᠦᠩᠰᠢᠯᠡᠯ》 ᠦᠨ ᠲᠦᠪᠰᠢᠨ ᠳᠦ ᠪᠦᠬᠦᠢ ᠯᠠ ᠴᠢᠭᠯᠡᠯ ᠳᠦ ᠥᠷᠭᠡᠵᠢᠭᠦᠯᠦᠨ ᠭᠦᠨᠵᠡᠭᠡᠢᠢᠷᠡᠭᠦᠯᠬᠦ ᠪᠣᠯᠤᠨ ᠪᠥᠰᠡ ᠨᠤᠲᠤᠭ᠂ ᠣᠯᠠᠨ ᠤᠯᠤᠰ ᠤᠨ ᠬᠠᠷᠢᠯᠴᠠᠨ ᠰᠣᠨᠢᠷᠬᠠᠭᠰᠠᠨ ᠠᠰᠠᠭᠤᠳᠠᠯ ᠢᠶᠠᠷ ᠰᠠᠨᠠᠯ ᠰᠣᠯᠢᠯᠴᠠᠨ᠎ᠠ᠃

ᠶᠡᠷᠦᠩᠬᠡᠢ ᠰᠠᠢᠳ ᠨ ∙ ᠤᠴᠠᠷᠠᠯ ᠶᠠᠫᠣᠨ ᠤᠯᠤᠰ ᠤᠨ ᠫᠠᠷᠯᠠᠮᠧᠨᠲ ᠤᠨ ᠵᠥᠪᠯᠡᠬᠦ ᠨᠦᠭᠦᠳ ᠦᠨ ᠪᠣᠯᠤᠨ ᠲᠥᠯᠥᠭᠡᠯᠡᠭᠴᠢᠳ ᠦᠨ ᠲᠠᠩᠬᠢᠮ ᠤᠨ ᠳᠠᠷᠤᠭ᠎ᠠ ᠨᠠᠷ ᠲᠤ ᠲᠤᠰ ᠲᠤᠰ ᠪᠠᠷᠠᠭᠠᠯᠬᠠᠨ᠎ᠠ᠃ ᠮᠥᠨ ᠶᠠᠫᠣᠨ ᠤ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠪᠠᠢᠭᠤᠯᠤᠯᠭ᠎ᠠ᠂ ᠶᠠᠫᠣᠨ ᠤ ᠭᠠᠳᠠᠭᠠᠳᠤ ᠬᠤᠳᠠᠯᠳᠤᠭ᠎ᠠ ᠶᠢ ᠳᠡᠮᠵᠢᠬᠦ ᠪᠠᠢᠭᠤᠯᠤᠯᠭ᠎ᠠ ᠶᠢᠨ ᠤᠳᠤᠷᠢᠳᠤᠯᠭ᠎ᠠ᠂ ᠶᠠᠫᠣᠨ᠂ ᠮᠣᠩᠭᠣᠯ ᠤᠨ ᠡᠳ᠋ ᠦᠨ ᠵᠠᠰᠠᠭ ᠤᠨ ᠬᠣᠷᠢᠶ᠎ᠠ ᠪᠣᠯᠤᠨ ᠪᠢᠽᠢᠨᠧᠰ ᠡᠷᠬᠢᠯᠡᠭᠴᠢᠳ ᠦᠨ ᠲᠥᠯᠥᠭᠡᠯᠡᠯ ᠲᠡᠢ ᠲᠤᠰ ᠲᠤᠰ ᠠᠭᠤᠯᠵᠠᠯᠲᠠ ᠵᠣᠬᠢᠶᠠᠨ ᠪᠠᠢᠭᠤᠯᠤᠨ᠎ᠠ᠃

ᠰᠡᠳᠬᠢᠭᠳᠡᠯ ᠦᠯᠡᠳᠡᠭᠡᠬᠦ