ᠮᠣᠩᠭᠣᠯ ᠤᠯᠤᠰ ᠤᠨ ᠶᠡᠷᠦᠩᠬᠡᠢ ᠰᠠᠢᠳ ᠨ ∙ ᠤᠴᠠᠷᠠᠯ ᠶᠠᠫᠣᠨ ᠤᠯᠤᠰ ᠤᠨ ᠶᠡᠷᠦᠩᠬᠡᠢ ᠰᠠᠢᠳ ᠲᠠᠺᠠᠶ᠋ᠢᠴᠢ ᠰᠠᠨᠠᠶᠧ ᠶᠢᠨ ᠤᠷᠢᠯᠭ᠎ᠠ ᠪᠠᠷ ᠲᠤᠰ ᠤᠯᠤᠰ ᠲᠤ ᠠᠯᠪᠠᠨ ᠶᠣᠰᠣᠨ ᠤ ᠠᠢᠯᠴᠢᠯᠠᠯ ᠬᠢᠬᠦ ᠪᠡᠷ ᠥᠨᠥᠳᠥᠷ ᠮᠣᠷᠳᠠᠯ᠎ᠠ᠃ ᠨ ∙ ᠤᠴᠠᠷᠠᠯ ᠢ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠪ ∙ ᠡᠩᠬᠡᠪᠠᠶᠠᠷ《ᠴᠢᠩᠭᠢᠰ ᠬᠠᠭᠠᠨ》ᠣᠯᠠᠨ ᠤᠯᠤᠰ ᠤᠨ ᠨᠢᠰᠬᠦ ᠣᠩᠭᠣᠴᠠᠨ ᠤ ᠪᠠᠭᠤᠳᠠᠯ ᠠᠴᠠ ᠦᠳᠡᠪᠡ᠃
ᠠᠢᠯᠴᠢᠯᠠᠯ ᠡᠨᠡ ᠰᠠᠷ᠎ᠠ ᠶᠢᠨ 27-30 ᠳᠦ ᠦᠷᠭᠦᠯᠵᠢᠯᠡᠵᠦ᠂ ᠨ ∙ ᠤᠴᠠᠷᠠᠯ ᠶᠠᠫᠣᠨ ᠤᠯᠤᠰ ᠤᠨ ᠶᠡᠷᠦᠩᠬᠡᠢ ᠰᠠᠢᠳ ᠲᠠᠺᠠᠶ᠋ᠢᠴᠢ ᠰᠠᠨᠠᠶᠧ ᠲᠠᠢ ᠠᠯᠪᠠᠨ ᠶᠣᠰᠣᠨ ᠤ ᠬᠡᠯᠡᠯᠴᠡᠭᠡ ᠬᠢᠵᠦ᠂ ᠬᠣᠶᠠᠷ ᠤᠯᠤᠰ ᠤᠨ 《ᠡᠩᠬᠡ ᠲᠠᠢᠪᠤᠩ᠂ ᠬᠥᠭᠵᠢᠯ ᠴᠡᠴᠡᠭᠯᠡᠯᠲᠡ ᠶᠢᠨ ᠲᠥᠯᠦᠭᠡᠬᠢ ᠲᠤᠰᠬᠠᠢ ᠰᠲᠷᠠᠲ᠋ᠧᠭᠢ ᠶᠢᠨ ᠲᠦᠩᠰᠢᠯᠡᠯ》 ᠢ ᠥᠷᠭᠡᠵᠢᠭᠦᠯᠦᠨ ᠬᠥᠭᠵᠢᠭᠦᠯᠬᠦ᠂ ᠬᠦᠮᠦᠨ ᠲᠥᠪ ᠲᠡᠢ ᠬᠠᠮᠲᠤ ᠶᠢᠨ ᠠᠵᠢᠯᠯᠠᠭ᠎ᠠ ᠶᠢ ᠭᠦᠨᠵᠡᠭᠡᠢᠢᠷᠡᠭᠦᠯᠬᠦ᠂ ᠪᠥᠰᠡ ᠨᠤᠲᠤᠭ᠂ ᠣᠯᠠᠨ ᠤᠯᠤᠰ ᠤᠨ ᠬᠠᠷᠢᠯᠴᠠᠭᠠᠨ ᠤ ᠠᠰᠠᠭᠤᠳᠠᠯ ᠢᠶᠠᠷ ᠰᠠᠨᠠᠯ ᠰᠤᠯᠢᠯᠴᠠᠬᠤ ᠶᠤᠮ᠃
ᠮᠥᠨ ᠶᠠᠫᠣᠨ ᠤᠯᠤᠰ ᠤᠨ ᠫᠠᠷᠯᠠᠮᠧᠨᠲ ᠤᠨ ᠬᠣᠶᠠᠷ ᠲᠠᠩᠬᠢᠮ ᠤᠨ ᠳᠠᠷᠤᠭ᠎ᠠ ᠨᠠᠷ ᠲᠤ ᠪᠠᠷᠠᠭᠠᠯᠬᠠᠵᠤ᠂ Japan International Cooperation Agency ᠂ ᠶᠠᠫᠣᠨ ᠤ ᠭᠠᠳᠠᠭᠠᠳᠤ ᠬᠤᠳᠠᠯᠳᠤᠭ᠎ᠠ ᠳᠡᠮᠵᠢᠬᠦ ᠪᠠᠢᠭᠤᠯᠤᠯᠭ᠎ᠠ ᠶᠢᠨ ᠤᠳᠤᠷᠢᠳᠤᠯᠭ᠎ᠠ᠂ ᠶᠠᠫᠣᠨ᠂ ᠮᠣᠩᠭᠣᠯ ᠤᠨ ᠡᠳ᠋ ᠦᠨ ᠵᠠᠰᠠᠭ ᠤᠨ ᠬᠣᠷᠢᠶ᠎ᠠ᠂ ᠪᠢᠽᠢᠨᠧᠰ ᠡᠷᠬᠢᠯᠡᠭᠴᠢᠳ ᠦᠨ ᠲᠥᠯᠥᠭᠡᠯᠡᠯ ᠪᠣᠯᠤᠨ ᠲᠤᠰ ᠤᠯᠤᠰ ᠲᠤ ᠣᠷᠣᠰᠢᠨ ᠰᠠᠭᠤᠵᠤ ᠪᠤᠢ ᠮᠣᠩᠭᠣᠯ ᠢᠷᠭᠡᠳ ᠲᠡᠢ ᠠᠭᠤᠯᠵᠠᠨ᠎ᠠ᠃



