ᠬᠣᠪᠳᠣ ᠠᠢᠮᠠᠭ ᠲᠤ《ᠠᠷᠪᠢᠵᠢᠬᠤ ᠹᠷᠡᠮ》ᠺᠣᠮᠫᠠᠨᠢ ᠡᠨᠡ ᠣᠨ ᠳᠤ ᠮᠠᠯ ᠤᠨ ᠲᠡᠵᠢᠭᠡᠯ ᠦᠨ ᠵᠣᠷᠢᠭᠤᠯᠤᠯᠲᠠ ᠪᠠᠷ 500 ᠭᠠ ᠲᠠᠯᠠᠪᠠᠢ ᠳᠤ ᠡᠷᠳᠡᠨᠢ ᠰᠢᠰᠢ ᠲᠠᠷᠢᠶᠠᠯᠠᠵᠠᠢ᠃ ᠲᠡᠳᠡ ᠬᠣᠪᠳᠣ ᠭᠣᠣᠯ ᠠᠴᠠ 3700 ᠮᠧᠲ᠋ᠷ ᠰᠤᠪᠠᠭ ᠲᠠᠲᠠᠨ ᠬᠢᠮᠡᠯ ᠨᠠᠭᠤᠷ ᠪᠠᠢᠭᠤᠯᠵᠤ᠂ ᠭᠠᠳᠠᠷᠭᠤ ᠶᠢᠨ ᠤᠰᠤ ᠶᠢ ᠠᠰᠢᠭᠯᠠᠨ ᠳᠤᠰᠤᠯ ᠤᠨ ᠤᠰᠤᠯᠠᠭᠠᠨ ᠤ ᠰᠢᠰᠲ᠋ᠧᠮ ᠨᠡᠪᠲᠡᠷᠡᠭᠦᠯᠦᠭᠰᠡᠨ ᠪᠠᠢᠨ᠎ᠠ᠃ ᠡᠯᠡᠰᠦ ᠶᠡᠬᠡ ᠲᠡᠢ ᠬᠥᠷᠦᠰᠦᠨ ᠳᠦ ᠤᠰᠤᠯᠠᠭ᠎ᠠ ᠲᠠᠢ ᠭᠠᠵᠠᠷ ᠲᠠᠷᠢᠶᠠᠯᠠᠩ ᠡᠷᠬᠢᠯᠡᠵᠦ᠂ ᠡᠷᠳᠡᠨᠢ ᠰᠢᠰᠢ ᠠᠮᠵᠢᠯᠲᠠ ᠲᠠᠢ ᠨᠤᠲᠤᠭᠰᠢᠭᠤᠯᠤᠭᠰᠠᠨ ᠨᠢ ᠬᠣᠪᠳᠣ ᠠᠢᠮᠠᠭ ᠤᠨ ᠭᠠᠵᠠᠷ ᠲᠠᠷᠢᠶᠠᠯᠠᠩ ᠤᠨ ᠰᠠᠯᠪᠤᠷᠢ ᠶᠢᠨ ᠰᠢᠨ᠎ᠡ ᠲᠤᠷᠰᠢᠯᠭ᠎ᠠ ᠪᠣᠯᠵᠤ ᠪᠠᠢᠭ᠎ᠠ ᠶᠤᠮ᠃
ᠲᠤᠰ ᠺᠣᠮᠫᠠᠨᠢ 2022 ᠣᠨ ᠠᠴᠠ ᠡᠷᠳᠡᠨᠢ ᠰᠢᠰᠢ ᠲᠠᠷᠢᠶᠠᠯᠠᠵᠤ ᠡᠬᠢᠯᠡᠭᠰᠡᠨ ᠪᠥᠭᠡᠳ ᠵᠢᠯ ᠪᠦᠷᠢ ᠲᠠᠷᠢᠶᠠᠯᠠᠩ ᠤᠨ ᠲᠠᠯᠠᠪᠠᠢ ᠶᠢᠨ ᠬᠡᠮᠵᠢᠶ᠎ᠡ ᠶᠢ ᠨᠡᠮᠡᠭᠳᠡᠭᠦᠯᠵᠦ ᠪᠠᠢᠨ᠎ᠠ᠃ ᠡᠨᠡ ᠵᠢᠯ ᠡᠷᠳᠡᠨᠢ ᠰᠢᠰᠢ ᠶᠢᠨ ᠦᠷ᠎ᠡ ᠬᠤᠷᠢᠶᠠᠬᠤ ᠠᠴᠠ ᠭᠠᠳᠠᠨ᠎ᠠ ᠳᠠᠷᠤᠰᠢᠯᠠᠭᠰᠠᠨ ᠲᠡᠵᠢᠭᠡᠯ ᠪᠡᠯᠡᠳᠬᠡᠵᠦ᠂ ᠪᠠᠷᠠᠭᠤᠨ ᠪᠥᠰᠡ ᠶᠢᠨ ᠠᠢᠮᠠᠭ ᠤᠳ ᠤᠨ ᠬᠡᠷᠡᠭᠴᠡᠭᠡᠨ ᠳᠦ ᠨᠡᠢᠯᠡᠭᠦᠯᠬᠦ ᠪᠡᠷ ᠲᠥᠯᠥᠪᠯᠡᠵᠡᠢ᠃



