ᠬᠣᠪᠳᠣ- ᠤᠯᠠᠭᠠᠨ ᠭᠣᠮ ᠴᠢᠭᠯᠡᠯ ᠦᠨ ᠵᠠᠮ ᠢ 2028 ᠣᠨ ᠳᠤ ᠠᠰᠢᠭᠯᠠᠯᠲᠠ ᠳᠤ ᠣᠷᠣᠭᠤᠯᠤᠨ᠎ᠠ | News.MN

ᠬᠣᠪᠳᠣ- ᠤᠯᠠᠭᠠᠨ ᠭᠣᠮ ᠴᠢᠭᠯᠡᠯ ᠦᠨ ᠵᠠᠮ ᠢ 2028 ᠣᠨ ᠳᠤ ᠠᠰᠢᠭᠯᠠᠯᠲᠠ ᠳᠤ ᠣᠷᠣᠭᠤᠯᠤᠨ᠎ᠠ

ᠬᠣᠪᠳᠣ᠂ ᠣᠪᠰᠣ ᠠᠢᠮᠠᠭ ᠢ ᠬᠤᠯᠪᠤᠬᠤ ᠬᠠᠲᠠᠭᠤ ᠬᠤᠴᠢᠯᠲᠠ ᠲᠠᠢ ᠠᠦ᠋ᠲ᠋ᠣ᠋ ᠵᠠᠮ ᠤᠨ ᠠᠵᠢᠯ 15 ᠣᠷᠴᠢᠮ ᠬᠤᠪᠢ ᠶᠢᠨ ᠭᠦᠢᠴᠡᠳᠬᠡᠯ ᠲᠡᠢ ᠪᠠᠢᠨ᠎ᠠ᠃ ᠬᠣᠪᠳᠣ ᠠᠢᠮᠠᠭ ᠤᠨ ᠵᠠᠰᠠᠭ ᠳᠠᠷᠤᠭ᠎ᠠ ᠮ ∙ ᠠᠮᠤᠷᠰᠠᠨᠠᠭ᠎ᠠ ᠡᠨᠡ ᠰᠠᠷ᠎ᠠ ᠶᠢᠨ 23 ᠳᠦ ᠠᠦ᠋ᠲ᠋ᠣ᠋ ᠵᠠᠮ ᠤᠨ ᠠᠵᠢᠯ ᠤᠨ ᠶᠠᠪᠤᠴᠠ ᠲᠠᠢ ᠲᠠᠨᠢᠯᠴᠠᠵᠤ᠂ ᠬᠣᠯᠪᠣᠭᠳᠠᠬᠤ ᠠᠯᠪᠠᠨ ᠤ ᠬᠢᠨ ᠲᠠᠢ ᠮᠡᠳᠡᠭᠡᠯᠡᠯ ᠰᠣᠯᠢᠯᠴᠠᠵᠠᠢ᠃

ᠬᠣᠪᠳᠣ- ᠤᠯᠠᠭᠠᠨ ᠭᠣᠮ ᠴᠢᠭᠯᠡᠯ ᠦᠨ ᠡᠨᠡ ᠵᠠᠮ ᠨᠢ 160 ᠭᠠᠷᠤᠢ ᠺᠢᠯᠤᠮᠧᠲᠷ ᠦᠷᠭᠦᠯᠵᠢᠯᠡᠬᠦ ᠪᠥᠭᠡᠳ ᠠᠽᠢᠶ᠎ᠠ ᠶᠢᠨ ᠬᠥᠭᠵᠢᠯ ᠦᠨ ᠪᠠᠩᠬᠢᠨ ᠤ ᠰᠠᠩᠬᠦᠦᠵᠢᠯᠲᠡ ᠪᠡᠷ ᠪᠠᠷᠢᠵᠤ᠂ 2028 ᠣᠨ ᠳᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠭᠰᠡᠨ ᠪᠠᠢᠨ᠎ᠠ᠃ ᠵᠠᠮ ᠠᠰᠢᠭᠯᠠᠯᠲᠠ ᠳᠤ  ᠣᠷᠣᠪᠠᠯ ᠬᠣᠪᠳᠣ᠂ ᠣᠪᠰᠣ ᠠᠢᠮᠠᠭ ᠤᠨ ᠬᠣᠭᠣᠷᠣᠨᠳᠣ ᠲᠡᠳᠦᠢ ᠦᠭᠡᠢ ᠪᠠᠷᠠᠭᠤᠨ ᠪᠥᠰᠡ ᠶᠢᠨ ᠠᠢᠮᠠᠭ᠂ ᠰᠤᠮᠤᠳ ᠤᠨ ᠵᠣᠷᠴᠢᠬᠤ ᠨᠥᠬᠥᠴᠡᠯ ᠰᠠᠢᠵᠢᠷᠠᠵᠤ᠂ ᠵᠠᠮ ᠳᠤ ᠵᠠᠷᠤᠴᠠᠭᠤᠯᠬᠤ ᠬᠤᠭᠤᠴᠠᠭ᠎ᠠ 30 ᠭᠠᠷᠤᠢ ᠬᠤᠪᠢ ᠳᠤ ᠪᠠᠭᠤᠷᠠᠬᠤ ᠲᠣᠭᠠᠴᠠᠭ᠎ᠠ ᠭᠠᠷᠴᠠᠢ᠃ ᠮᠥᠨ ᠲᠡᠭᠡᠭᠡᠪᠦᠷᠢ ᠶᠢᠨ ᠵᠠᠷᠤᠳᠠᠯ᠂ ᠬᠤᠭᠤᠴᠠᠭ᠎ᠠ ᠶᠢ ᠪᠠᠭᠤᠷᠠᠭᠤᠯᠵᠤ᠂ ᠣᠷᠣᠰ᠂ ᠬᠢᠲᠠᠳ  ᠢ ᠬᠣᠯᠪᠣᠭᠰᠠᠨ ᠪᠠᠷᠠᠭᠤᠨ ᠪᠥᠰᠡ ᠶᠢᠨ ᠲᠡᠭᠡᠭᠡᠪᠦᠷᠢ ᠶᠢᠨ ᠰᠢᠨ᠎ᠡ ᠴᠢᠭᠯᠡᠯ ᠪᠤᠢ ᠪᠣᠯᠬᠤ ᠪᠣᠯᠤᠮᠵᠢ ᠪᠥᠷᠢᠳᠬᠦ ᠶᠤᠮ᠃

ᠰᠡᠳᠬᠢᠭᠳᠡᠯ ᠦᠯᠡᠳᠡᠭᠡᠬᠦ