ᠶᠡᠷᠦᠩᠬᠡᠢᠢᠯᠡᠭ᠍ᠴᠢ ᠶᠢᠨ ᠨᠡᠷᠡᠮᠵᠢᠲᠦ ᠰᠢᠯᠵᠢᠨ ᠶᠠᠪᠤᠬᠤ ᠴᠣᠮᠣ ᠶᠢᠨ ᠰᠢᠯᠢᠳᠡᠭ ᠦᠳ ᠲᠣᠳᠣᠷᠠᠯ᠎ᠠ | News.MN

ᠶᠡᠷᠦᠩᠬᠡᠢᠢᠯᠡᠭ᠍ᠴᠢ ᠶᠢᠨ ᠨᠡᠷᠡᠮᠵᠢᠲᠦ ᠰᠢᠯᠵᠢᠨ ᠶᠠᠪᠤᠬᠤ ᠴᠣᠮᠣ ᠶᠢᠨ ᠰᠢᠯᠢᠳᠡᠭ ᠦᠳ ᠲᠣᠳᠣᠷᠠᠯ᠎ᠠ

ᠮᠣᠩᠭᠣᠯ ᠤᠯᠤᠰ ᠤᠨ ᠶᠡᠷᠦᠩᠬᠡᠢᠢᠯᠡᠭ᠍ᠴᠢ ᠤ᠊ ∙ ᠬᠦᠷᠦᠯᠰᠦ᠋ᠬᠡ ᠠᠮᠧᠷᠢᠺᠠ ᠶᠢᠨ ᠴᠢᠺᠠᠭᠤ᠋ ᠬᠣᠲᠠ ᠳᠤ ᠠᠵᠢᠯᠯᠠᠬᠤ ᠦᠶ᠎ᠡ ᠪᠡᠷ ᠢᠶᠡᠨ ᠶᠡᠷᠦᠩᠬᠡᠢᠢᠯᠡᠭ᠍ᠴᠢ  ᠶᠢᠨ ᠨᠡᠷᠡᠮᠵᠢᠲᠦ ᠰᠠᠭᠰᠤᠨ ᠪᠥᠮᠪᠥᠭᠡ ᠶᠢᠨ ᠰᠢᠯᠵᠢᠨ ᠶᠠᠪᠤᠬᠤ ᠴᠣᠮᠣ ᠶᠢᠨ ᠠᠩᠬᠠᠳᠤᠭᠠᠷ ᠲᠡᠮᠡᠴᠡᠭᠡᠨ ᠦ ᠠᠪᠤᠷᠭᠤ ᠪᠠᠭ᠂ ᠲᠠᠮᠢᠷᠴᠢᠳ ᠲᠤ ᠠᠯᠲᠠᠨ ᠮᠧᠳᠠᠯ᠂ ᠴᠣᠮᠣ ᠶᠢ ᠨᠢ ᠭᠠᠷᠳᠠᠭᠤᠯᠤᠯ᠎ᠠ᠃

ᠬᠡᠦᠬᠡᠳ᠂ ᠨᠠᠰᠤᠨ ᠳᠤ ᠬᠦᠷᠦᠭ᠍ᠰᠡᠳ ᠭᠡᠰᠡᠨ ᠠᠩᠭᠢᠯᠠᠯ ᠢᠶᠠᠷ ᠵᠣᠬᠢᠶᠠᠨ ᠪᠠᠢᠭᠤᠯᠤᠭᠰᠠᠨ ᠲᠡᠮᠡᠴᠡᠭᠡᠨ ᠳᠦ 4 ᠮᠤᠵᠢ ᠶᠢᠨ 17 ᠪᠠᠭ ᠤᠨ 300 ᠭᠠᠷᠤᠢ ᠲᠠᠮᠢᠷᠴᠢᠨ ᠥᠷᠢᠰᠦᠯᠳᠦᠭᠰᠡᠨ ᠪᠠᠢᠨ᠎ᠠ᠃ ᠲᠡᠮᠡᠴᠡᠭᠡᠨ ᠢ ᠰᠠᠭᠰᠤᠨ ᠪᠥᠮᠪᠥᠭᠡ ᠶᠢᠨ ᠰᠫᠣᠷᠲ ᠲᠦ ᠳᠤᠷᠠᠲᠠᠢ ᠬᠡᠦᠬᠡᠳ ᠵᠠᠯᠠᠭᠤᠰ ᠤᠨ ᠬᠦᠰᠡᠯ  ᠲᠡᠮᠡᠤᠯᠤᠯ᠂ ᠠᠪᠢᠶᠠᠰ ᠴᠢᠳᠠᠪᠤᠷᠢ ᠶᠢ ᠳᠡᠮᠵᠢᠬᠦ᠂ ᠰᠫᠣᠷᠲ ᠢᠶᠠᠷ ᠳᠠᠮᠵᠢᠭᠤᠯᠤᠨ ᠡᠷᠡᠭᠦᠯ᠂ ᠵᠥᠪ ᠠᠮᠢᠳᠤᠷᠠᠯ ᠤᠨ ᠬᠡᠪ ᠮᠠᠶ᠋ᠢᠭ ᠢ ᠲᠥᠯᠦᠪᠰᠢᠭᠦᠯᠬᠦ᠂ ᠠᠮᠧᠷᠢᠺᠠ ᠳᠦ ᠠᠮᠢᠳᠤᠷᠠᠵᠤ ᠪᠤᠢ ᠢᠷᠭᠡᠳ ᠦᠨ ᠡᠪ ᠨᠢᠭᠡᠳᠦᠯ᠂ ᠨᠥᠬᠥᠷᠯᠡᠯ ᠢ ᠪᠡᠬᠢᠵᠢᠭᠦᠯᠬᠦ ᠵᠣᠷᠢᠯᠭ᠎ᠠ ᠪᠠᠷ ᠵᠣᠬᠢᠶᠠᠨ ᠪᠠᠢᠭᠤᠯᠤᠯ᠎ᠠ᠃

ᠲᠡᠮᠡᠴᠡᠭᠡᠨ ᠦ ᠨᠠᠰᠤᠨ ᠳᠤ ᠬᠦᠷᠦᠭ᠍ᠰᠡᠳ ᠦᠨ ᠠᠩᠭᠢᠯᠠᠯ ᠳᠤ᠄ ᠴᠢᠺᠠᠭᠤ᠋ ᠬᠣᠲᠠ ᠶᠢᠨ 《Monway black city》᠂ 13-16 ᠨᠠᠰᠤᠨ ᠤ ᠬᠡᠦᠬᠡᠳ ᠦᠨ ᠠᠩᠭᠢᠯᠠᠯ ᠳᠤ᠄ 《Gold Virgina eagles》᠂ 8-12 ᠨᠠᠰᠤᠨ ᠤ ᠠᠩᠭᠢᠯᠠᠯ ᠳᠤ᠄ 《BG hoopers 2》ᠪᠠᠭ ᠡᠵᠡᠯᠡᠵᠦ᠂ ᠠᠯᠲᠠᠨ ᠮᠧᠳᠠᠯ ᠬᠦᠷᠲᠡᠯ᠎ᠡ᠃

ᠰᠡᠳᠬᠢᠭᠳᠡᠯ ᠦᠯᠡᠳᠡᠭᠡᠬᠦ