ᠶᠡᠷᠦᠩᠬᠡᠢ ᠰᠠᠢᠳ ᠨ ∙ ᠤᠴᠠᠷᠠᠯ ᠠᠽᠢ ᠶᠢᠨ ᠨᠠᠭᠠᠳᠤᠮ ᠳᠤ ᠣᠷᠣᠯᠴᠠᠵᠤ ᠪᠤᠢ ᠲᠠᠮᠢᠷᠴᠢᠳ ᠲᠠᠢ ᠠᠭᠤᠯᠵᠠᠪᠠ | News.MN

ᠶᠡᠷᠦᠩᠬᠡᠢ ᠰᠠᠢᠳ ᠨ ∙ ᠤᠴᠠᠷᠠᠯ ᠠᠽᠢ ᠶᠢᠨ ᠨᠠᠭᠠᠳᠤᠮ ᠳᠤ ᠣᠷᠣᠯᠴᠠᠵᠤ ᠪᠤᠢ ᠲᠠᠮᠢᠷᠴᠢᠳ ᠲᠠᠢ ᠠᠭᠤᠯᠵᠠᠪᠠ

ᠶᠠᠫᠣᠨ ᠤᠯᠤᠰ ᠲᠤ ᠠᠯᠪᠠᠨ ᠶᠣᠰᠣᠨ ᠤ ᠠᠢᠯᠴᠢᠯᠠᠯ ᠬᠢᠵᠦ ᠪᠤᠢ ᠮᠣᠩᠭᠣᠯ ᠤᠯᠤᠰ ᠤᠨ ᠶᠡᠷᠦᠩᠬᠡᠢ ᠰᠠᠢᠳ ᠨ ∙ ᠤᠴᠠᠷᠠᠯ ᠥᠨᠥᠳᠥᠷ ᠠᠽᠢᠶ᠎ᠠ ᠶᠢᠨ ᠵᠤᠨ ᠤ ᠰᠫᠣᠷᠲ ᠤᠨ ᠬᠣᠷᠢᠳᠤᠭᠠᠷ ᠨᠠᠭᠠᠳᠤᠮ ᠳᠤ ᠣᠷᠣᠯᠴᠠᠵᠤ ᠪᠤᠢ ᠮᠣᠩᠭᠣᠯ ᠤᠯᠤᠰ ᠤᠨ ᠪᠠᠭ ᠤᠨ ᠱᠲ᠋ᠠᠪ ᠢᠶᠠᠷ ᠵᠣᠴᠢᠯᠠᠵᠤ᠂ ᠲᠠᠮᠢᠷᠴᠢᠳ ᠲᠠᠢ ᠠᠭᠤᠯᠵᠠᠯ᠎ᠠ᠃

ᠡᠨᠡ ᠤᠳᠠᠭ᠎ᠠ ᠶᠢᠨ ᠨᠠᠭᠠᠳᠤᠮ ᠳᠤ ᠮᠠᠨ ᠤ ᠤᠯᠤᠰ ᠠᠴᠠ ᠰᠫᠣᠷᠲ ᠤᠨ 31 ᠲᠥᠷᠥᠯ ᠳᠦ 300 ᠣᠷᠴᠢᠮ ᠲᠠᠮᠢᠷᠴᠢᠨ ᠬᠤᠷᠳᠤ ᠬᠦᠴᠦ᠂ ᠠᠪᠬᠠᠯᠵᠢ ᠰᠠᠮᠪᠠᠭ᠎ᠠ᠂ ᠰᠡᠴᠡ ᠮᠡᠷᠭᠡᠨ ᠢᠶᠡᠨ ᠰᠣᠷᠢᠨ ᠥᠷᠢᠰᠦᠯᠳᠦᠵᠦ ᠪᠠᠢᠭ᠎ᠠ ᠪᠥᠭᠡᠳ ᠳᠤᠭᠤᠢ ᠶᠢᠨ ᠲᠥᠷᠥᠯ ᠳᠦ ᠰ ∙ ᠵᠠᠮᠪᠠᠯᠵᠠᠮᠰᠤ ᠬᠦᠷᠡᠯ ᠮᠧᠳᠠᠯ  ᠬᠦᠷᠲᠡᠭ᠍ᠰᠡᠨ ᠳᠦ ᠶᠡᠷᠦᠩᠬᠡᠢ ᠰᠠᠢᠳ ᠪᠠᠶᠠᠷ ᠬᠦᠷᠭᠡᠭᠡᠳ ᠲᠠᠮᠢᠷᠴᠢᠳ ᠤᠨ ᠢᠶᠠᠨ ᠳᠠᠷᠠᠭ᠎ᠠ ᠶᠢᠨ ᠤᠷᠤᠯᠳᠤᠭᠠᠨ᠂ ᠲᠡᠮᠡᠴᠡᠭᠡᠨ ᠳᠦ ᠨᠢ ᠠᠮᠵᠢᠯᠲᠠ ᠬᠦᠰᠡᠭᠰᠡᠨ ᠪᠠᠢᠨ᠎ᠠ᠃

ᠮᠥᠨ ᠵᠠᠰᠠᠭ ᠤᠨ ᠭᠠᠵᠠᠷ ᠠᠴᠠ 2027 ᠣᠨ ᠤ ᠲᠥᠰᠥᠪ ᠲᠦ ᠰᠫᠣᠷᠲ ᠤᠨ ᠰᠠᠯᠪᠤᠷᠢ ᠶᠢᠨ ᠠᠵᠢᠯᠲᠠᠳ ᠤᠨ ᠴᠠᠯᠢᠩ ᠢ ᠬᠠᠮᠤᠭ ᠤᠨ ᠪᠠᠭ᠎ᠠ ᠳᠤ ᠪᠠᠨ ᠬᠣᠶᠠᠷ ᠰᠠᠶ᠎ᠠ ᠲᠥᠭᠥᠷᠢᠭ ᠪᠣᠯᠭᠠᠬᠤ ᠪᠠᠷ᠂ ᠦᠨᠳᠦᠰᠦᠨ ᠦ ᠰᠢᠭᠰᠢᠭᠡ ᠪᠠᠭ ᠤᠨ ᠲᠠᠮᠢᠷᠴᠢᠳ ᠢᠶᠠᠨ ᠤᠯᠢᠮᠫᠢᠺ ᠲᠤ ᠠᠮᠵᠢᠯᠲᠠ ᠭᠠᠷᠭᠠᠬᠤ ᠳᠤ ᠱᠠᠭᠠᠷᠳᠠᠯᠭ᠎ᠠ ᠲᠠᠢ ᠲᠥᠰᠥᠪ ᠢ ᠭᠤᠷᠪᠠ ᠳᠠᠬᠢᠨ ᠨᠡᠮᠡᠬᠦ ᠪᠡᠷ ᠲᠥᠯᠥᠪᠯᠡᠭᠰᠡᠨ  ᠲᠤᠬᠠᠢ ᠣᠨᠴᠠᠯᠠᠯ᠎ᠠ᠃

ᠰᠡᠳᠬᠢᠭᠳᠡᠯ ᠦᠯᠡᠳᠡᠭᠡᠬᠦ