《ᠲᠤᠰᠠᠭᠠᠷ ᠲᠣᠭᠲᠠᠨᠢᠯ᠄ ᠪᠣᠱᠣᠭ ᠰᠠᠬᠢᠭᠴᠢ》 ᠺᠢᠨᠣ᠋《ᠣᠰᠺᠠᠷ》 ᠤᠨ ᠤᠷᠢᠳᠴᠢᠯᠠᠭᠰᠠᠨ ᠰᠢᠯᠭᠠᠷᠠᠭᠤᠯᠤᠯᠲᠠ ᠳᠤ ᠣᠷᠣᠯᠴᠠᠨ᠎ᠠ | News.MN

《ᠲᠤᠰᠠᠭᠠᠷ ᠲᠣᠭᠲᠠᠨᠢᠯ᠄ ᠪᠣᠱᠣᠭ ᠰᠠᠬᠢᠭᠴᠢ》 ᠺᠢᠨᠣ᠋《ᠣᠰᠺᠠᠷ》 ᠤᠨ ᠤᠷᠢᠳᠴᠢᠯᠠᠭᠰᠠᠨ ᠰᠢᠯᠭᠠᠷᠠᠭᠤᠯᠤᠯᠲᠠ ᠳᠤ ᠣᠷᠣᠯᠴᠠᠨ᠎ᠠ

ᠮᠣᠩᠭᠣᠯ ᠤᠨ ᠦᠨᠳᠦᠰᠦᠨ ᠦ ᠺᠢᠨᠣ᠋ ᠤᠷᠠᠯᠢᠭ ᠤᠨ ᠵᠥᠪᠯᠡᠯ ᠡᠴᠡ 99 ᠳ᠋ᠡᠬᠢ ᠤᠳᠠᠭ᠎ᠠ ᠶᠢᠨ《ᠣᠰᠺᠠᠷ》 ᠤᠨ ᠱᠠᠩᠨᠠᠯ ᠭᠠᠷᠳᠠᠭᠤᠯᠬᠤ ᠶᠣᠰᠣᠯᠠᠯ ᠤᠨ ᠠᠷᠭ᠎ᠠ ᠬᠡᠮᠵᠢᠶᠡᠨ ᠦ ᠤᠷᠢᠳᠴᠢᠯᠠᠭᠰᠠᠨ ᠰᠢᠯᠭᠠᠷᠠᠭᠤᠯᠤᠯᠲᠠ ᠳᠤ ᠮᠣᠩᠭᠣᠯ ᠤᠯᠤᠰ ᠢ ᠲᠥᠯᠥᠭᠡᠯᠡᠨ ᠤᠷᠤᠯᠴᠠᠬᠤ ᠺᠢᠨᠣ᠋ ᠪᠦᠲᠦᠭᠡᠯ ᠢ ᠰᠢᠯᠭᠠᠷᠠᠭᠤᠯᠤᠭᠰᠠᠨ ᠲᠠᠯ᠎ᠠ ᠪᠠᠷ ᠢᠶᠠᠨ ᠮᠡᠳᠡᠭᠡᠯᠡᠵᠡᠢ᠃ ᠲᠤᠰ ᠮᠡᠳᠡᠭᠡᠯᠡᠯ ᠳᠦ᠄

ᠦᠨᠳᠦᠰᠦᠨ ᠦ ᠰᠣᠩᠭᠣᠨ ᠰᠢᠯᠭᠠᠷᠠᠭᠤᠯᠬᠤ ᠬᠣᠷᠢᠶ᠎ᠠ ᠨᠢ ᠢᠷᠡᠭᠦᠯᠦᠭᠰᠡᠨ ᠺᠢᠨᠣ᠋ ᠪᠦᠲᠦᠭᠡᠯ ᠦᠳ ᠲᠡᠢ ᠲᠠᠨᠢᠯᠴᠠᠵᠤ᠂ 2026 ᠣᠨ ᠤ ᠶᠢᠰᠦᠳᠦᠭᠡᠷ ᠰᠠᠷ᠎ᠠ ᠶᠢᠨ 28 ᠤ ᠡᠳᠦᠷ ᠰᠠᠨᠠᠯ ᠬᠤᠷᠢᠶᠠᠯᠲᠠ ᠶᠢ ᠡᠴᠦᠰᠯᠡᠨ 99 ᠳ᠋ᠡᠬᠢ ᠤᠳᠠᠭ᠎ᠠ ᠶᠢᠨ《ᠣᠰᠺᠠᠷ》 ᠦᠨ ᠱᠠᠩᠨᠠᠯ ᠭᠠᠷᠳᠠᠭᠤᠯᠬᠤ ᠶᠣᠰᠣᠯᠠᠯ ᠤᠨ 《ᠣᠯᠠᠨ ᠤᠯᠤᠰ ᠤᠨ ᠰᠢᠯᠢᠳᠡᠭ ᠪᠦᠷᠢᠨ ᠬᠡᠮᠵᠢᠶᠡᠨ ᠦ ᠺᠢᠨᠣ᠋》ᠲᠥᠷᠥᠯ ᠦᠨ ᠤᠷᠢᠳᠴᠢᠯᠠᠭᠰᠠᠨ ᠰᠢᠯᠭᠠᠷᠠᠭᠤᠯᠤᠯᠲᠠ ᠳᠤ ᠮᠣᠩᠭᠣᠯ ᠤᠯᠤᠰ ᠢ ᠲᠥᠯᠥᠭᠡᠯᠡᠨ ᠤᠷᠤᠯᠴᠠᠬᠤ ᠺᠢᠨᠣ᠋ ᠪᠦᠲᠦᠭᠡᠯ ᠢᠶᠡᠷ ᠨᠠᠢᠷᠠᠭᠤᠯᠤᠭᠴᠢ ᠪ ∙ ᠲᠠᠮᠢᠷ ᠤᠨ《ᠲᠤᠰᠠᠭᠠᠷ ᠲᠣᠭᠲᠠᠨᠢᠯ᠄ ᠪᠣᠱᠣᠭ ᠰᠠᠬᠢᠭᠴᠢ》 (Independence᠄ The Keeper of the Decree) ᠤᠷᠠᠨ ᠰᠠᠢᠬᠠᠨ ᠤ ᠺᠢᠨᠤ᠋ ᠶᠢ ᠰᠢᠯᠭᠠᠷᠠᠭᠤᠯᠤᠯ᠎ᠠ᠃

ᠰᠡᠳᠬᠢᠭᠳᠡᠯ ᠦᠯᠡᠳᠡᠭᠡᠬᠦ