ᠵᠠᠮ ᠲᠡᠭᠡᠭᠡᠪᠤᠷᠢ ᠶᠢᠨ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠮ ∙ ᠪᠠᠶᠠᠷᠮᠠᠩᠨᠠᠢ ᠠᠽᠢᠶ᠎ᠠ ᠶᠢᠨ ᠬᠥᠭᠵᠢᠯ ᠦᠨ ᠪᠠᠩᠬᠢᠨ ᠤ ᠬᠢᠨ ᠲᠡᠢ ᠠᠭᠤᠯᠵᠠᠨ᠂ ᠰᠠᠯᠪᠤᠷᠢ ᠳᠤ ᠬᠡᠷᠡᠭᠵᠢᠵᠦ ᠪᠤᠢ ᠲᠥᠰᠥᠯ ᠬᠥᠲᠥᠯᠪᠦᠷᠢ᠂ ᠲᠤᠰ ᠪᠠᠩᠬᠢᠨ ᠤ ᠰᠠᠩᠬᠦᠦᠵᠢᠯᠲᠡ ᠪᠡᠷ ᠬᠡᠷᠡᠭᠵᠢᠭᠦᠯᠬᠦ ᠪᠣᠯᠤᠮᠵᠢ ᠲᠠᠢ ᠲᠥᠰᠥᠯ ᠦᠨ ᠲᠠᠯ᠎ᠠ ᠪᠠᠷ ᠶᠠᠷᠢᠯᠴᠠᠯ᠎ᠠ᠃
ᠮ ∙ ᠪᠠᠶᠠᠷᠮᠠᠩᠨᠠᠢ ᠠᠽᠢᠶ᠎ᠠ ᠶᠢᠨ ᠬᠥᠭᠵᠢᠯ ᠦᠨ ᠪᠠᠩᠬᠢ ᠶᠢᠨ ᠬᠥᠷᠥᠩᠭᠡ ᠣᠷᠣᠭᠤᠯᠤᠯᠲᠠ ᠪᠠᠷ ᠠᠦ᠋ᠲ᠋ᠣ᠋ ᠵᠠᠮ ᠤᠨ ᠰᠠᠯᠪᠤᠷᠢ ᠳᠤ 60 ᠭᠠᠷᠤᠢ ᠲᠥᠰᠥᠯ ᠬᠡᠷᠡᠭᠵᠢᠭᠦᠯᠦᠭᠰᠡᠨ ᠦ ᠳ᠋ᠦᠩ ᠳᠦ ᠮᠠᠨ ᠤ ᠤᠯᠤᠰ ᠲᠤ 1200 ᠺᠢᠯᠣᠮᠧᠲ᠋ᠷ ᠭᠠᠷᠤᠢ ᠬᠠᠲᠠᠭᠤ ᠬᠤᠴᠢᠯᠲᠠ ᠲᠠᠢ ᠠᠦ᠋ᠲ᠋ᠣ᠋ ᠵᠠᠮ ᠤᠨ ᠰᠦᠯᠵᠢᠶ᠎ᠡ ᠪᠤᠢ ᠪᠣᠯᠤᠭᠰᠠᠨ ᠢ ᠣᠨᠴᠠᠯᠠᠨ ᠲᠡᠮᠳᠡᠭᠯᠡᠪᠡ᠃
ᠵᠠᠮ ᠲᠡᠭᠡᠭᠡᠪᠤᠷᠢ ᠶᠢᠨ ᠶᠠᠮᠤᠨ ᠤ ᠮᠡᠳᠡᠭᠡᠯᠡᠭᠰᠡᠨ ᠢᠶᠡᠷ᠂ ᠠᠽᠢᠶ᠎ᠠ ᠶᠢᠨ ᠬᠥᠭᠵᠢᠯ ᠦᠨ ᠪᠠᠩᠬᠢᠨ ᠤ ᠬᠢᠨ ᠄ ᠮᠣᠩᠭᠣᠯ ᠤᠯᠤᠰ ᠪᠥᠰᠡ ᠶᠢᠨ ᠲᠡᠭᠡᠭᠡᠪᠦᠷᠢ ᠶᠢᠨ ᠬᠤᠪᠢ ᠳᠤ ᠴᠢᠬᠤᠯᠠ ᠪᠠᠢᠷᠢ ᠰᠠᠭᠤᠷᠢ ᠡᠵᠡᠯᠡᠳᠡᠭ᠂ ᠭᠠᠵᠠᠷ ᠵᠦᠢ ᠶᠢᠨ ᠬᠤᠪᠢ ᠳᠤ ᠴᠤ ᠣᠨᠴᠠᠯᠢᠭ᠃ ᠪᠢᠳᠡ ᠢᠷᠡᠭᠡᠳᠦᠢ ᠳᠦ ᠢᠷᠭᠡᠨ ᠦ ᠨᠢᠰᠬᠦ ᠶᠢᠨ ᠰᠠᠯᠪᠤᠷᠢ ᠳᠤ ᠢᠯᠡᠭᠦᠦ ᠨᠢᠭᠲᠠ ᠬᠠᠮᠲᠤᠷᠠᠨ ᠠᠵᠢᠯᠯᠠᠬᠤ ᠪᠣᠯᠤᠮᠵᠢ ᠲᠠᠢ᠃ ᠢᠯᠠᠩᠭᠤᠶ᠎ᠠ ᠠᠯᠤᠰ ᠪᠥᠰᠡ ᠨᠤᠲᠤᠭ ᠢ ᠢᠷᠭᠡᠨ ᠦ ᠨᠢᠰᠬᠦ ᠶᠢᠨ ᠰᠠᠯᠪᠤᠷᠢ ᠪᠠᠷ ᠳᠠᠮᠵᠢᠭᠤᠯᠤᠨ ᠬᠣᠯᠪᠣᠬᠤ ᠶᠢᠨ ᠲᠤᠯᠠᠳᠠ ᠲᠡᠭᠡᠭᠡᠪᠦᠷᠢ ᠶᠢᠨ ᠰᠠᠯᠪᠤᠷᠢ ᠶᠢᠨ ᠮᠠᠰᠲ᠋ᠸᠷ ᠲᠥᠯᠥᠪᠯᠡᠭᠡ ᠶᠢ ᠪᠣᠯᠪᠠᠰᠤᠷᠠᠭᠤᠯᠬᠤ ᠳᠤ ᠬᠠᠮᠲᠤᠷᠠᠨ ᠠᠵᠢᠯᠯᠠᠬᠤ ᠳᠤ ᠪᠡᠯᠡᠨ ᠭᠡᠵᠡᠢ᠃



