ᠪ ∙ᠪᠡᠲᠦᠴᠡᠴᠡᠭ ᠮᠠᠷᠺᠣ ᠷᠦᠪᠢᠤ᠋ ᠲᠠᠢ ᠤᠲᠠᠰᠤ ᠪᠠᠷ ᠶᠠᠷᠢᠪᠠ | News.MN

ᠪ ∙ᠪᠡᠲᠦᠴᠡᠴᠡᠭ ᠮᠠᠷᠺᠣ ᠷᠦᠪᠢᠤ᠋ ᠲᠠᠢ ᠤᠲᠠᠰᠤ ᠪᠠᠷ ᠶᠠᠷᠢᠪᠠ

ᠭᠠᠳᠠᠭᠠᠳᠤ ᠬᠠᠷᠢᠯᠴᠠᠭᠠᠨ ᠤ ᠰᠠᠢᠳ ᠪ ∙ ᠪᠡᠲᠦᠴᠡᠴᠡᠭ ᠠᠮᠧᠷᠢᠺᠠ ᠶᠢᠨ ᠨᠢᠭᠡᠳᠦᠭᠰᠡᠨ ᠤᠯᠤᠰ ᠤᠨ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠮᠠᠷᠺᠣ ᠷᠦᠪᠢᠤ᠋ ᠲᠠᠢ ᠡᠨᠡ ᠰᠠᠷ᠎ᠠ ᠶᠢᠨ 5 ᠳᠦ ᠤᠲᠠᠰᠤ ᠪᠠᠷ ᠶᠠᠷᠢᠪᠠ᠃ ᠬᠣᠶᠠᠷ ᠲᠠᠯ᠎ᠠ ᠮᠣᠩᠭᠣᠯ ᠤᠯᠤᠰ᠂ ᠠᠮᠧᠷᠢᠺᠠ ᠶᠢᠨ ᠨᠢᠭᠡᠳᠦᠭᠰᠡᠨ ᠤᠯᠤᠰ ᠤᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠰᠲᠷᠠᠲ᠋ᠧᠭᠢ ᠶᠢᠨ ᠭᠤᠷᠪᠠᠳᠠᠭᠴᠢ ᠬᠥᠷᠰᠢ ᠶᠢᠨ ᠲᠦᠩᠰᠢᠯᠡᠯ ᠦᠨ ᠬᠦᠷᠢᠶᠡᠨ ᠳᠦ ᠥᠷᠭᠡᠵᠢᠨ ᠬᠥᠭᠵᠢᠵᠦ ᠪᠤᠢᠳᠠ ᠰᠡᠳᠬᠢᠯ ᠬᠠᠩᠭᠠᠯᠤᠭᠤᠨ ᠪᠤᠢ ᠪᠠᠨ ᠢᠯᠡᠷᠬᠡᠢᠢᠯᠡᠵᠦ᠂ ᠢᠷᠡᠬᠦ ᠣᠨ ᠳᠤ ᠮᠣᠩᠭᠣᠯ᠂ ᠠᠮᠧᠷᠢᠺᠠ ᠶᠢᠨ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 40 ᠵᠢᠯ ᠦᠨ ᠣᠢ ᠲᠣᠬᠢᠶᠠᠵᠤ ᠪᠤᠢ ᠶᠢ ᠣᠨᠴᠠᠯᠠᠨ ᠲᠡᠮᠳᠡᠭᠯᠡᠪᠡ᠃

ᠲᠥᠷᠥ ᠶᠢᠨ ᠨᠠᠷᠢᠨ ᠪᠢᠴᠢᠭ ᠦᠨ ᠳᠠᠷᠤᠭ᠎ᠠ ᠮ ∙ ᠷᠦᠪᠢᠤ᠋ ᠮᠣᠩᠭᠣᠯ ᠤᠯᠤᠰ ᠣᠯᠠᠨ ᠤᠯᠤᠰ ᠤᠨ ᠲᠠᠪᠴᠠᠩ ᠳᠤ ᠠᠮᠧᠷᠢᠺᠠ ᠶᠢᠨ ᠨᠢᠭᠡᠳᠦᠭᠰᠡᠨ ᠤᠯᠤᠰ ᠤᠨ ᠪᠣᠳᠣᠯᠭ᠎ᠠ᠂ ᠰᠠᠨᠠᠭᠠᠴᠢᠯᠠᠭ᠎ᠠ ᠶᠢ ᠲᠤᠤᠱᠲᠠᠢ ᠳᠡᠮᠵᠢᠵᠦ᠂ ᠬᠠᠮᠲᠤᠷᠠᠨ ᠠᠵᠢᠯᠯᠠᠵᠤ ᠢᠷᠡᠭᠰᠡᠨ ᠢ ᠥᠨᠳᠥᠷ ᠢᠶᠡᠷ ᠦᠨᠡᠯᠡᠳᠡᠭ ᠢᠶᠡᠨ  ᠢᠯᠡᠷᠬᠡᠢᠢᠯᠡᠭᠡᠳ᠂ ᠰᠲᠷᠠᠲ᠋ᠧᠭᠢ ᠶᠢᠨ ᠭᠤᠷᠪᠠᠳᠠᠭᠴᠢ ᠬᠥᠷᠰᠢ ᠶᠢᠨ ᠲᠦᠩᠰᠢᠯᠡᠯ ᠦᠨ ᠬᠠᠷᠢᠯᠴᠠᠭ᠎ᠠ ᠶᠢ ᠴᠢᠨᠠᠭᠰᠢᠳᠠ ᠪᠡᠬᠢᠵᠢᠭᠦᠯᠬᠦ ᠶᠢᠨ ᠲᠥᠯᠥᠭᠡ ᠨᠢᠭᠲᠠ ᠬᠠᠮᠲᠤᠷᠠᠨ ᠠᠵᠢᠯᠯᠠᠬᠤ ᠪᠠᠨ ᠨᠣᠲᠠᠯᠠᠪᠠ᠃  ᠲᠡᠳᠡ ᠬᠣᠶᠠᠷ ᠤᠯᠤᠰ ᠤᠨ ᠬᠠᠮᠲᠤ ᠶᠢᠨ ᠠᠵᠢᠯᠯᠠᠭ᠎ᠠ ᠶᠢ ᠬᠠᠷᠢᠯᠴᠠᠨ ᠠᠰᠢᠭᠲᠠᠢ ᠰᠠᠯᠪᠤᠷᠢ ᠳᠤ ᠥᠷᠭᠡᠵᠢᠭᠦᠯᠦᠨ ᠬᠥᠭᠵᠢᠭᠦᠯᠬᠦ᠂ ᠳᠡᠭᠡᠳᠦ᠂ ᠥᠨᠳᠥᠷ ᠲᠦᠪᠰᠢᠨ ᠦ ᠬᠠᠷᠢᠯᠴᠠᠨ ᠠᠢᠯᠴᠢᠯᠠᠯ᠂ ᠶᠠᠷᠢᠶ᠎ᠠ ᠬᠡᠯᠡᠯᠴᠡᠭᠡ ᠶᠢ ᠢᠳᠡᠪᠬᠢᠵᠢᠭᠦᠯᠬᠦ ᠲᠠᠯ᠎ᠠ ᠪᠠᠷ ᠳᠡᠯᠭᠡᠷᠡᠩᠭᠦᠢ ᠶᠠᠷᠢᠯᠴᠠᠵᠤ᠂ ᠰᠠᠨᠠᠯ ᠰᠣᠯᠢᠯᠴᠠᠯ᠎ᠠ ᠃

ᠰᠡᠳᠬᠢᠭᠳᠡᠯ ᠦᠯᠡᠳᠡᠭᠡᠬᠦ