OSCE  ᠤᠨ ᠬᠡᠪᠯᠡᠯ ᠦᠨ ᠡᠷᠬᠡ ᠴᠢᠯᠦᠭᠡᠨ ᠦ ᠠᠰᠠᠭᠤᠳᠠᠯ ᠡᠷᠬᠢᠯᠡᠭᠰᠡᠨ ᠲᠥᠯᠥᠭᠡᠯᠡᠭᠴᠢ ᠶᠢ ᠬᠦᠯᠢᠶᠡᠨ ᠠᠪᠴᠤ ᠠᠭᠤᠯᠵᠠᠪᠠ | News.MN

OSCE  ᠤᠨ ᠬᠡᠪᠯᠡᠯ ᠦᠨ ᠡᠷᠬᠡ ᠴᠢᠯᠦᠭᠡᠨ ᠦ ᠠᠰᠠᠭᠤᠳᠠᠯ ᠡᠷᠬᠢᠯᠡᠭᠰᠡᠨ ᠲᠥᠯᠥᠭᠡᠯᠡᠭᠴᠢ ᠶᠢ ᠬᠦᠯᠢᠶᠡᠨ ᠠᠪᠴᠤ ᠠᠭᠤᠯᠵᠠᠪᠠ

ᠭᠠᠳᠠᠭᠠᠳᠤ ᠬᠠᠷᠢᠯᠴᠠᠭᠠᠨ ᠤ ᠰᠠᠢᠳ ᠪ ∙ ᠪᠡᠲᠦᠴᠡᠴᠡᠭ ᠧᠦ᠋ᠷᠣᠫᠠ ᠶᠢᠨ ᠠᠶᠤᠯᠭᠦᠢ ᠪᠠᠢᠳᠠᠯ᠂ ᠬᠠᠮᠲᠤ ᠶᠢᠨ ᠠᠵᠢᠯᠯᠠᠭᠠᠨ ᠤ ᠪᠠᠢᠭᠤᠯᠤᠯᠭ᠎ᠠ  ᠶᠢᠨ ᠬᠡᠪᠯᠡᠯ ᠦᠨ ᠡᠷᠬᠡ ᠴᠢᠯᠦᠭᠡᠨ ᠦ ᠠᠰᠠᠭᠤᠳᠠᠯ ᠡᠷᠬᠢᠯᠡᠭᠰᠡᠨ ᠲᠥᠯᠥᠭᠡᠯᠡᠭᠴᠢ᠂ ᠡᠯᠴᠢᠨ ᠰᠠᠢᠳ ᠶᠠᠨ  ᠪᠷᠠᠲ᠋ᠤ᠋ ᠶᠢ ᠡᠨᠡ ᠰᠠᠷ᠎ᠠ ᠶᠢᠨ 5 ᠳᠦ ᠬᠦᠯᠢᠶᠡᠨ ᠠᠪᠴᠤ ᠠᠭᠤᠯᠵᠠᠪᠠ᠃

ᠠᠭᠤᠯᠵᠠᠯᠲᠠ ᠶᠢᠨ ᠡᠬᠢᠨ ᠳᠦ ᠪ ∙ ᠪᠡᠲᠦᠴᠡᠴᠡᠭ ᠤᠷᠢᠯᠭ᠎ᠠ ᠶᠢ ᠨᠢ ᠬᠦᠯᠢᠶᠡᠨ ᠠᠪᠴᠤ᠂ ᠠᠯᠤᠰ ᠬᠣᠯᠠ ᠠᠴᠠ ᠵᠣᠷᠢᠨ ᠢᠷᠡᠭᠰᠡᠨ ᠳᠦ ᠲᠠᠯᠠᠷᠬᠠᠯ ᠢᠯᠡᠷᠬᠡᠢᠢᠯᠡᠵᠦ᠂ ᠠᠭᠤᠯᠵᠠᠯᠲᠠ ᠨᠡᠭᠡᠭᠡᠯᠲᠡ ᠲᠡᠢ᠂ ᠴᠢᠯᠦᠭᠡᠲᠦ ᠬᠠᠯᠠᠭᠤᠨ ᠳᠣᠲᠣᠨᠣ ᠠᠭᠤᠷ ᠠᠮᠢᠰᠬᠤᠯ ᠳᠤ ᠪᠣᠯᠵᠤ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠴᠢᠭᠯᠡᠯ ᠢᠶᠡᠷ ᠳᠡᠯᠭᠡᠷᠡᠩᠭᠦᠢ ᠰᠠᠨᠠᠯ ᠰᠤᠯᠢᠯᠴᠠᠪᠠ᠃

ᠧᠦ᠋ᠷᠣᠫᠠ ᠶᠢᠨ  ᠠᠶᠤᠯᠭᠦᠢ ᠪᠠᠢᠳᠠᠯ᠂ ᠬᠠᠮᠲᠤ ᠶᠢᠨ ᠠᠵᠢᠯᠯᠠᠭᠠᠨ ᠤ ᠵᠥᠪᠯᠡᠯᠭᠡᠨ ᠤᠨ ᠬᠡᠪᠯᠡᠯ ᠦᠨ ᠡᠷᠬᠡ ᠴᠢᠯᠦᠭᠡᠨ ᠦ ᠠᠰᠠᠭᠤᠳᠠᠯ ᠡᠷᠬᠢᠯᠡᠭᠰᠡᠨ ᠲᠥᠯᠥᠭᠡᠯᠡᠭᠴᠢ ᠶᠢᠨ ᠭᠠᠵᠠᠷ ᠨᠢ ᠲᠤᠰ ᠪᠠᠢᠭᠤᠯᠤᠯᠭ᠎ᠠ ᠶᠢᠨ ᠭᠡᠰᠢᠭᠦᠨ ᠣᠷᠣᠨ ᠨᠤᠭᠤᠳ ᠲᠤ ᠬᠡᠪᠯᠡᠯ ᠦᠨ ᠡᠷᠬᠡ ᠴᠢᠯᠦᠭᠡ᠂ ᠦᠵᠡᠯ ᠪᠣᠳᠣᠯ ᠢᠶᠠᠨ ᠴᠢᠯᠦᠭᠡᠲᠡᠢ ᠢᠯᠡᠷᠬᠡᠢᠢᠯᠡᠬᠦ ᠡᠷᠬᠡ ᠶᠢ ᠬᠠᠮᠠᠭᠠᠯᠠᠬᠤ᠂ ᠳᠡᠮᠵᠢᠬᠦ ᠵᠣᠷᠢᠯᠭ᠎ᠠ ᠲᠠᠢ ᠠᠵᠢᠯᠯᠠᠳᠠᠭ᠃ ᠶᠠᠨ  ᠪᠷᠠᠲ᠋ᠤ᠋ ᠡᠨᠡ ᠰᠠᠷ᠎ᠠ ᠶᠢᠨ 7 ᠳᠦ 《ᠬᠡᠪᠯᠡᠯ ᠮᠡᠳᠡᠭᠡᠯᠡᠯ ᠦᠨ ᠪᠣᠯᠪᠠᠰᠤᠷᠠᠯ ᠪᠠ ᠶᠣᠰᠣ ᠵᠦᠢ ᠲᠡᠢ ᠰᠡᠳᠬᠦᠯ ᠵᠦᠢ》 ᠰᠡᠳᠦᠪᠲᠦ ᠰᠤᠷᠭᠠᠯᠲᠠ ᠵᠣᠬᠢᠶᠠᠨ ᠪᠠᠢᠭᠤᠯᠬᠤ ᠭᠡᠵᠦ ᠪᠠᠢᠨ᠎ᠠ᠃

ᠰᠡᠳᠬᠢᠭᠳᠡᠯ ᠦᠯᠡᠳᠡᠭᠡᠬᠦ