ᠠᠢᠮᠠᠭ ᠤᠳ ᠤᠨ ᠡᠷᠡᠭᠦᠯ ᠮᠡᠨᠳᠦ ᠶᠢᠨ ᠲᠤᠰᠠᠯᠠᠮᠵᠢ᠂ ᠦᠢᠯᠡᠴᠢᠯᠡᠭᠡ ᠶᠢ ᠰᠠᠢᠵᠢᠷᠠᠭᠤᠯᠤᠨ᠎ᠠ | News.MN

ᠠᠢᠮᠠᠭ ᠤᠳ ᠤᠨ ᠡᠷᠡᠭᠦᠯ ᠮᠡᠨᠳᠦ ᠶᠢᠨ ᠲᠤᠰᠠᠯᠠᠮᠵᠢ᠂ ᠦᠢᠯᠡᠴᠢᠯᠡᠭᠡ ᠶᠢ ᠰᠠᠢᠵᠢᠷᠠᠭᠤᠯᠤᠨ᠎ᠠ

ᠣᠷᠣᠨ ᠨᠤᠲᠤᠭ ᠲᠤ ᠦᠵᠡᠭᠦᠯᠬᠦ ᠡᠷᠡᠭᠦᠯ ᠮᠡᠨᠳᠦ ᠶᠢᠨ ᠲᠤᠰᠠᠯᠠᠮᠵᠢ᠂ ᠦᠢᠯᠡᠴᠢᠯᠡᠭᠡᠨ ᠦ ᠴᠢᠨᠠᠷ᠂ ᠬᠦᠷᠲᠡᠭᠡᠮᠵᠢ ᠶᠢ ᠨᠡᠮᠡᠭᠳᠡᠭᠦᠯᠵᠦ᠂ ᠢᠷᠭᠡᠳ ᠱᠠᠭᠠᠷᠳᠠᠯᠭ᠎ᠠ ᠲᠠᠢ ᠣᠨᠣᠰᠢᠯᠠᠭ᠎ᠠ᠂ ᠡᠮᠴᠢᠯᠡᠭᠡ ᠬᠢᠯᠭᠡᠬᠦ ᠪᠡᠷ ᠨᠡᠢᠰᠯᠡᠯ ᠢ ᠵᠣᠷᠢᠬᠤ ᠬᠡᠷᠡᠭᠴᠡᠭᠡ ᠶᠢ ᠪᠠᠭᠤᠷᠠᠭᠤᠯᠬᠤ ᠵᠣᠷᠢᠯᠭ᠎ᠠ ᠪᠠᠷ 《ᠠᠢᠮᠠᠭ ᠤᠳ ᠤᠨ ᠡᠷᠡᠭᠦᠯ ᠮᠡᠨᠳᠦ ᠶᠢᠨ ᠲᠤᠰᠠᠯᠠᠮᠵᠢ᠂ ᠦᠢᠯᠡᠴᠢᠯᠡᠭᠡ ᠶᠢ ᠰᠠᠢᠵᠢᠷᠠᠭᠤᠯᠬᠤ᠂ ᠡᠷᠴᠢᠮᠵᠢᠭᠦᠯᠬᠦ ᠲᠥᠰᠥᠯ》 ᠢ  ᠬᠡᠷᠡᠭ᠍ᠵᠢᠭᠦᠯᠬᠦ ᠪᠡᠷ ᠠᠽᠢᠶ᠎ᠠ ᠶᠢᠨ ᠬᠥᠭᠵᠢᠯ ᠦᠨ ᠪᠠᠩᠬᠢᠨ ᠤ 225 ᠰᠠᠶ᠎ᠠ ᠳ᠋ᠣᠯᠯᠠᠷ ᠤᠨ ᠵᠢᠭᠡᠯᠡ ᠶᠢᠨ ᠬᠡᠯᠡᠯᠴᠡᠭᠡᠷ ᠲᠦ ᠡᠷᠡᠭᠦᠯ ᠮᠡᠨᠳᠦ ᠶᠢᠨ ᠰᠠᠢᠳ ᠡ᠊ ∙ ᠪᠠᠲᠤᠱᠤᠭᠠᠷ᠎ᠠ ᠭᠠᠷ ᠤᠨ ᠦᠰᠦᠭ ᠵᠢᠷᠤᠯ᠎ᠠ᠃ ᠲᠥᠰᠥᠯ ᠦᠨ ᠬᠦᠷᠢᠶᠡᠨ ᠳᠦ᠄

19 ᠠᠢᠮᠠᠭ ᠤᠨ ᠨᠢᠭᠡᠳᠦᠭᠰᠡᠨ ᠡᠮᠨᠡᠯᠭᠡ ᠨᠦᠭᠦᠳ ᠦᠨ ᠪᠠᠷᠢᠯᠭ᠎ᠠ ᠪᠠᠢᠭᠤᠯᠤᠮᠵᠢ᠂ ᠶᠠᠭᠠᠷᠠᠯᠲᠠᠢ ᠲᠤᠰᠠᠯᠠᠮᠵᠢ᠂ ᠡᠷᠴᠢᠮᠲᠦ ᠡᠮᠴᠢᠯᠡᠭᠡ᠂ ᠮᠡᠰᠡ ᠵᠠᠰᠠᠯ ᠤᠨ ᠲᠤᠰᠠᠯᠠᠮᠵᠢ᠂ ᠦᠢᠯᠡᠴᠢᠯᠡᠭᠡ ᠶᠢ ᠦᠶ᠎ᠡ ᠱᠠᠲᠤ ᠲᠠᠢ ᠰᠢᠨᠡᠴᠢᠯᠡᠨ᠎ᠡ᠃

ᠠᠯᠤᠰᠯᠠᠭᠳᠠᠭᠰᠠᠨ ᠪᠣᠯᠤᠨ ᠬᠢᠯᠢ ᠶᠢᠨ ᠪᠣᠭᠣᠮᠲᠠ ᠶᠢᠨ ᠳᠠᠭᠠᠭᠤᠬᠢ 11 ᠰᠤᠮᠤ ᠶᠢᠨ ᠡᠷᠡᠭᠦᠯ ᠮᠡᠨᠳᠦ ᠶᠢᠨ ᠲᠥᠪ ᠢ ᠰᠢᠨᠡᠴᠢᠯᠡᠵᠦ᠂ ᠱᠠᠭᠠᠷᠳᠠᠯᠭ᠎ᠠ ᠲᠠᠢ ᠲᠣᠨᠣᠭ ᠲᠥᠬᠥᠭᠡᠷᠦᠮᠵᠢ᠂ ᠲᠡᠭᠡᠭᠡᠪᠦᠷᠢ ᠶᠢᠨ ᠬᠡᠷᠡᠭᠰᠡᠯ  ᠢ ᠰᠠᠢᠵᠢᠷᠠᠭᠤᠯᠤᠨ᠎ᠠ᠃

ᠥᠪᠦᠷᠬᠠᠩᠭᠠᠢ ᠠᠢᠮᠠᠭ ᠲᠤ 300 ᠣᠷᠣ ᠲᠠᠢ ᠰᠢᠨ᠎ᠡ ᠵᠢᠱᠢᠭ ᠨᠢᠭᠡᠳᠦᠭᠰᠡᠨ ᠡᠮᠨᠡᠯᠭᠡ ᠪᠠᠷᠢᠨ᠎ᠠ᠃

ᠡᠷᠡᠭᠦᠯ ᠮᠡᠨᠳᠦ ᠶᠢᠨ ᠪᠠᠢᠭᠤᠯᠤᠯᠭ᠎ᠠ ᠨᠤᠭᠤᠳ ᠤᠨ ᠮᠡᠳᠡᠭᠡᠯᠡᠯ ᠰᠣᠯᠢᠯᠴᠠᠭ᠎ᠠ᠂ ᠣᠨᠣᠰᠢᠯᠠᠭ᠎ᠠ᠂ ᠡᠮᠴᠢᠯᠡᠭᠡᠨ ᠦ ᠤᠶᠠᠯᠳᠤᠭ᠎ᠠ ᠶᠢ ᠰᠠᠢᠵᠢᠷᠠᠭᠤᠯᠬᠤ ᠴᠠᠬᠢᠮ  ᠯᠠᠪᠯᠠᠯᠭ᠎ᠠ ᠱᠠᠲᠤᠯᠠᠯ ᠤᠨ ᠨᠢᠭᠡᠳᠦᠭᠰᠡᠨ ᠰᠦᠯᠵᠢᠶ᠎ᠡ ᠶᠢ ᠬᠥᠭᠵᠢᠭᠦᠯᠵᠦ᠂ ᠡᠮᠨᠡᠯᠭᠡ ᠶᠢᠨ ᠤᠳᠤᠷᠢᠳᠤᠯᠭ᠎ᠠ᠂ ᠬᠦᠮᠦᠨ ᠦ ᠨᠥᠭᠡᠴᠡ ᠶᠢᠨ ᠴᠢᠳᠠᠪᠬᠢ ᠶᠢ ᠪᠡᠬᠢᠵᠢᠭᠦᠯᠦᠨ᠎ᠡ᠃

ᠰᠡᠳᠬᠢᠭᠳᠡᠯ ᠦᠯᠡᠳᠡᠭᠡᠬᠦ