ᠮᠣᠩᠭᠣᠯ᠂ ᠰᠢᠨ᠎ᠡ ᠽᠢᠯᠠᠨᠳ᠋ ᠤᠨ ᠭᠠᠳᠠᠭᠠᠳᠤ ᠬᠠᠷᠢᠯᠴᠠᠭᠠᠨ ᠤ ᠵᠥᠪᠯᠡᠯᠳᠦᠬᠦ ᠠᠭᠤᠯᠵᠠᠯᠲᠠ ᠪᠣᠯᠪᠠ | News.MN

ᠮᠣᠩᠭᠣᠯ᠂ ᠰᠢᠨ᠎ᠡ ᠽᠢᠯᠠᠨᠳ᠋ ᠤᠨ ᠭᠠᠳᠠᠭᠠᠳᠤ ᠬᠠᠷᠢᠯᠴᠠᠭᠠᠨ ᠤ ᠵᠥᠪᠯᠡᠯᠳᠦᠬᠦ ᠠᠭᠤᠯᠵᠠᠯᠲᠠ ᠪᠣᠯᠪᠠ

ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ ᠪᠣᠯᠤᠨ ᠰᠢᠨ᠎ᠡ ᠽᠢᠯᠠᠨᠳ᠋  ᠤᠨ ᠭᠠᠳᠠᠭᠠᠳᠤ ᠬᠠᠷᠢᠯᠴᠠᠭ᠎ᠠ ᠬᠤᠳᠠᠯᠳᠤᠭᠠᠨ ᠤ ᠶᠠᠮᠤᠨ ᠬᠣᠭᠣᠷᠣᠨᠳᠣ ᠶᠢᠨ ᠬᠣᠶᠠᠳᠤᠭᠠᠷ ᠵᠥᠪᠯᠡᠯᠳᠦᠬᠦ ᠠᠭᠤᠯᠵᠠᠯᠲᠠ ᠡᠨᠡ ᠰᠠᠷ᠎ᠠ ᠶᠢᠨ 6 ᠳᠦ ᠸᠧᠯᠯᠢᠩᠲ᠋ᠣᠨ ᠬᠣᠲᠠ ᠳᠤ ᠪᠣᠯᠵᠤ᠂ ᠬᠣᠶᠠᠷ ᠤᠯᠤᠰ ᠤᠨ ᠬᠠᠮᠲᠤ ᠶᠢᠨ ᠠᠵᠢᠯᠯᠠᠭᠠᠨ ᠤ ᠥᠨᠥ ᠶᠢᠨ ᠪᠠᠢᠳᠠᠯ ᠳᠤ ᠦᠨᠡᠯᠡᠯᠲᠡ ᠳ᠋ᠦᠩᠨᠡᠯᠲᠡ ᠥᠭᠴᠦ᠂ ᠡᠨᠡ ᠬᠦ ᠵᠥᠪᠯᠡᠯᠳᠦᠬᠦ ᠠᠭᠤᠯᠵᠠᠯᠲᠠ ᠶᠢ 12 ᠵᠢᠯ ᠦᠨ ᠳᠠᠷᠠᠭ᠎ᠠ ᠡᠢᠨᠬᠦᠦ ᠵᠣᠬᠢᠶᠠᠨ ᠪᠠᠢᠭᠤᠯᠵᠤ ᠪᠠᠢᠭ᠎ᠠ ᠶᠢ ᠬᠠᠷᠢᠯᠴᠠᠨ ᠣᠨᠴᠠᠯᠠᠵᠤ᠂ ᠴᠢᠨᠠᠭᠰᠢᠳᠠ ᠶᠢᠨ ᠲᠥᠯᠥᠪ ᠦᠨ ᠲᠠᠯ᠎ᠠ ᠪᠠᠷ ᠰᠠᠨᠠᠯ ᠰᠤᠯᠢᠯᠴᠠᠪᠠ᠃

ᠲᠤᠬᠠᠢᠯᠠᠪᠠᠯ᠂ ᠭᠠᠵᠠᠷ ᠬᠥᠳᠡᠯᠦᠯᠲᠡ ᠶᠢᠨ ᠦᠶ᠎ᠡ ᠶᠢᠨ ᠪᠣᠯᠤᠨ ᠤᠷᠢᠳᠴᠢᠯᠠᠨ ᠰᠡᠷᠭᠡᠢᠢᠯᠡᠬᠦ ᠬᠠᠮᠲᠤ ᠶᠢᠨ ᠠᠵᠢᠯᠯᠠᠭ᠎ᠠ ᠶᠢ ᠪᠡᠬᠢᠵᠢᠭᠦᠯᠬᠦ᠂ ᠬᠠᠷᠢᠯᠴᠠᠨ ᠲᠤᠷᠰᠢᠯᠭ᠎ᠠ ᠰᠤᠯᠢᠯᠴᠠᠬᠤ᠂ ᠬᠥᠳᠡᠭᠡ ᠠᠵᠤ ᠠᠬᠤᠢ ᠶᠢᠨ ᠰᠠᠯᠪᠤᠷᠢ ᠶᠢᠨ ᠬᠦᠷᠢᠶᠡᠨ ᠳᠦ ᠬᠣᠨᠢᠨ ᠤ ᠨᠣᠣᠰᠣ ᠬᠢᠷᠭᠠᠬᠤ᠂ ᠮᠢᠬᠠᠨ ᠤ ᠡᠺᠰᠫᠣᠷᠲ ᠤᠨ ᠴᠢᠳᠠᠪᠬᠢ ᠶᠢ ᠨᠡᠮᠡᠭᠳᠡᠭᠦᠯᠬᠦ᠂ ᠭᠠᠵᠠᠷ ᠵᠦᠢ ᠪᠠᠢᠭᠠᠯᠢ ᠶᠢᠨ ᠣᠨᠴᠠᠯᠢᠭ ᠲᠤ ᠲᠠᠭᠠᠷᠠᠭᠰᠠᠨ ᠰᠡᠷᠭᠦᠭᠡᠭ᠍ᠳᠡᠬᠦ ᠡᠷᠴᠢᠮ ᠬᠦᠴᠦᠨ ᠦ ᠬᠠᠮᠲᠤ ᠶᠢᠨ ᠠᠵᠢᠯᠯᠠᠭᠠᠨ ᠤ ᠪᠣᠯᠤᠮᠵᠢ ᠶᠢ ᠬᠡᠯᠡᠯᠴᠡᠬᠦ ᠪᠣᠯᠤᠨ ᠪᠣᠯᠪᠠᠰᠤᠷᠠᠯ᠂ ᠬᠥᠭᠵᠢᠯ ᠦᠨ ᠬᠠᠮᠲᠤ ᠶᠢᠨ ᠠᠵᠢᠯᠯᠠᠭᠠᠨ ᠤ ᠠᠰᠠᠭᠤᠳᠠᠯ ᠤᠳ ᠢᠶᠠᠷ ᠳᠡᠯᠭᠡᠷᠡᠩᠭᠦᠢ ᠶᠠᠷᠢᠯᠴᠠᠪᠠ᠃

ᠰᠡᠳᠬᠢᠭᠳᠡᠯ ᠦᠯᠡᠳᠡᠭᠡᠬᠦ