ᠦᠨᠳᠦᠰᠦᠨ ᠦ ᠲᠦᠷᠭᠡᠨ ᠲᠤᠰᠠᠯᠠᠮᠵᠢ ᠶᠢᠨ ᠲᠥᠪ ᠪᠠᠢᠭᠤᠯᠤᠨ᠎ᠠ | News.MN

ᠦᠨᠳᠦᠰᠦᠨ ᠦ ᠲᠦᠷᠭᠡᠨ ᠲᠤᠰᠠᠯᠠᠮᠵᠢ ᠶᠢᠨ ᠲᠥᠪ ᠪᠠᠢᠭᠤᠯᠤᠨ᠎ᠠ

ᠮᠣᠩᠭᠣᠯ ᠤᠯᠤᠰ ᠤᠨ ᠶᠡᠷᠦᠩᠬᠡᠢ ᠰᠠᠢᠳ ᠨ ∙ ᠤᠴᠠᠷᠠᠯ᠂ ᠡᠷᠡᠭᠦᠯ ᠮᠡᠨᠳᠦ ᠶᠢᠨ ᠰᠠᠢᠳ ᠡ᠊ ∙ ᠪᠠᠲᠤᠱᠤᠭᠠᠷ᠎ᠠ ᠨᠠᠷ ᠥᠨᠥᠳᠥᠷ ᠨᠡᠢᠰᠯᠡᠯ ᠦᠨ ᠲᠦᠷᠭᠡᠨ ᠲᠤᠰᠠᠯᠠᠮᠵᠢ ᠶᠢᠨ ᠲᠥᠪ ᠲᠤ ᠠᠵᠢᠯᠯᠠᠵᠤ᠂ ᠡᠮᠨᠡᠯᠭᠡ ᠶᠢᠨ ᠶᠠᠭᠠᠷᠠᠯᠲᠠᠢ ᠲᠦᠷᠭᠡᠨ ᠲᠤᠰᠠᠯᠠᠮᠵᠢ ᠶᠢᠨ ᠲᠣᠭᠲᠠᠯᠴᠠᠭᠠᠨ ᠤ ᠰᠢᠨᠡᠴᠢᠯᠡᠯ ᠦᠨ ᠬᠦᠷᠢᠶᠡᠨ ᠳᠦ ᠬᠡᠷᠡᠭᠵᠢᠭᠦᠯᠵᠦ ᠪᠤᠢ ᠦᠢᠯᠡ ᠠᠵᠢᠯᠯᠠᠭ᠎ᠠ ᠪᠣᠯᠤᠨ ᠲᠥᠪ ᠦᠨ ᠥᠷᠭᠡᠳᠬᠡᠯ ᠦᠨ ᠪᠠᠷᠢᠯᠭ᠎ᠠ ᠶᠢᠨ ᠠᠵᠢᠯ ᠤᠨ ᠶᠠᠪᠤᠴᠠ ᠲᠠᠢ ᠲᠠᠨᠢᠯᠴᠠᠭᠰᠠᠨ ᠪᠠᠢᠨ᠎ᠠ᠃

ᠲᠦᠷᠭᠡᠨ ᠲᠤᠰᠠᠯᠠᠮᠵᠢ ᠶᠢᠨ ᠲᠣᠭᠲᠠᠯᠴᠠᠭᠠᠨ ᠤ ᠰᠢᠨᠡᠴᠢᠯᠡᠯ ᠦᠨ ᠬᠦᠷᠢᠶᠡᠨ ᠳᠦ ᠠᠽᠢᠶ᠎ᠠ ᠶᠢᠨ ᠬᠥᠭᠵᠢᠯ ᠦᠨ ᠪᠠᠩᠬᠢᠨ ᠤ ᠬᠥᠩᠭᠡᠯᠡᠯᠲᠡ ᠲᠡᠢ  ᠵᠢᠭᠡᠯᠡ ᠶᠢᠨ ᠬᠥᠷᠥᠩᠭᠡ ᠪᠡᠷ ᠨᠡᠢᠰᠯᠡᠯ ᠦᠨ ᠲᠦᠷᠭᠡᠨ ᠲᠤᠰᠠᠯᠠᠮᠵᠢ ᠶᠢᠨ ᠲᠥᠪ ᠦᠨ 7.2 ᠲᠡᠷᠪᠤᠮ ᠲᠥᠭᠥᠷᠢᠭ ᠦᠨ ᠥᠷᠲᠡᠭ ᠪᠦᠬᠦᠢ ᠭᠤᠷᠪᠠᠨ ᠳᠠᠪᠬᠤᠷ ᠥᠷᠭᠡᠳᠬᠡᠯ ᠦᠨ ᠪᠠᠷᠢᠯᠭ᠎ᠠ ᠪᠠᠷᠢᠵᠤ ᠪᠠᠢᠨ᠎ᠠ᠃ ᠮᠥᠨ ᠬᠠᠷᠢᠯᠴᠠᠭ᠎ᠠ ᠬᠣᠯᠪᠣᠭ᠎ᠠ᠂ ᠰᠤᠷᠭᠠᠯᠲᠠ ᠶᠢᠨ ᠲᠣᠨᠣᠭᠯᠠᠯ ᠪᠣᠯᠤᠨ ᠲᠦᠷᠭᠡᠨ ᠲᠤᠰᠠᠯᠠᠮᠵᠢ ᠶᠢᠨ ᠮᠠᠰᠢᠨ ᠲᠡᠷᠭᠡᠨ ᠦ ᠲᠣᠨᠣᠭ ᠲᠥᠬᠥᠭᠡᠷᠦᠮᠵᠢ ᠳᠦ ᠨᠡᠢᠲᠡ 3.3 ᠰᠠᠶ᠎ᠠ ᠳ᠋ᠣᠯᠯᠠᠷ ᠤᠨ ᠰᠠᠩᠬᠦᠦᠵᠢᠯᠲᠡ ᠰᠢᠢᠳᠪᠦᠷᠢᠯᠡᠵᠡᠢ᠃ ᠴᠢᠨᠠᠭᠰᠢᠳᠠ ᠲᠦᠷᠭᠡᠨ ᠲᠤᠰᠠᠯᠠᠮᠵᠢ ᠶᠢᠨ ᠳᠠᠭᠤᠳᠠᠯᠭ᠎ᠠ ᠶᠢᠨ ᠪᠠᠢᠷᠢᠰᠢᠯ᠂ ᠡᠪᠡᠳᠴᠢᠲᠡᠨ ᠦ ᠪᠡᠶ᠎ᠡ ᠶᠢᠨ ᠪᠠᠢᠳᠠᠯ᠂ ᠡᠮᠨᠡᠯ ᠵᠦᠢ ᠶᠢᠨ ᠡᠷᠡᠮᠪᠡ᠂ ᠣᠢᠷ᠎ᠠ ᠪᠠᠢᠭ᠎ᠠ ᠲᠦᠷᠭᠡᠨ ᠲᠤᠰᠠᠯᠠᠮᠵᠢ ᠶᠢᠨ ᠪᠠᠭ ᠤᠨ ᠴᠢᠳᠠᠮᠵᠢ᠂ ᠬᠦᠯᠢᠶᠡᠨ ᠠᠪᠬᠤ ᠡᠮᠨᠡᠯᠭᠡ ᠶᠢᠨ ᠠᠴᠢᠶᠠᠯᠠᠯ ᠢ ᠨᠢᠭᠡ ᠰᠢᠰᠲ᠋ᠧᠮ ᠡᠴᠡ ᠬᠢᠨᠠᠵᠤ᠂ ᠪᠣᠭᠣᠨᠢ ᠬᠤᠭᠤᠴᠠᠭᠠᠨ ᠳᠤ ᠵᠥᠪ ᠰᠢᠢᠳᠪᠦᠷᠢ ᠭᠠᠷᠭᠠᠬᠤ ᠪᠣᠯᠤᠮᠵᠢ ᠲᠠᠢ ᠨᠢᠭᠡᠳᠦᠭᠰᠡᠨ ᠲᠣᠭᠲᠠᠯᠴᠠᠭ᠎ᠠ ᠶᠢ ᠪᠦᠷᠢᠳᠦᠭᠦᠯᠬᠦ ᠠᠵᠠᠢ᠃

ᠰᠡᠳᠬᠢᠭᠳᠡᠯ ᠦᠯᠡᠳᠡᠭᠡᠬᠦ