ᠴᠣᠭᠲᠤᠴᠡᠴᠡᠢ ᠰᠤᠮᠤ ᠠᠴᠠ ᠬᠢᠯᠢ ᠶᠢᠨ ᠪᠣᠭᠣᠮᠲᠠ ᠬᠦᠷᠲᠡᠯᠡᠬᠢ ᠵᠠᠰᠠᠮᠠᠯ ᠵᠠᠮ ᠢ ᠨᠡᠭᠡᠭᠡᠯ᠎ᠡ | News.MN

ᠴᠣᠭᠲᠤᠴᠡᠴᠡᠢ ᠰᠤᠮᠤ ᠠᠴᠠ ᠬᠢᠯᠢ ᠶᠢᠨ ᠪᠣᠭᠣᠮᠲᠠ ᠬᠦᠷᠲᠡᠯᠡᠬᠢ ᠵᠠᠰᠠᠮᠠᠯ ᠵᠠᠮ ᠢ ᠨᠡᠭᠡᠭᠡᠯ᠎ᠡ

ᠡᠮᠦᠨᠡᠭᠣᠪᠢ ᠠᠢᠮᠠᠭ ᠤᠨ ᠴᠣᠭᠲᠤᠴᠡᠴᠡᠢ ᠰᠤᠮᠤ ᠶᠢᠨ ᠨᠤᠲᠤᠭ ᠳᠠᠬᠢ ᠲᠠᠪᠤᠨᠲᠣᠯᠣᠭᠠᠢ ᠶᠢᠨ ᠪᠦᠯᠦᠭ ᠣᠷᠳᠣ ᠠᠴᠠ ᠭᠠᠰᠢᠭᠤᠨᠰᠤᠬᠠᠢᠲᠤ ᠬᠢᠯᠢ ᠶᠢᠨ ᠪᠣᠭᠣᠮᠲᠠ ᠬᠦᠷᠬᠦ 240 ᠺᠢᠯᠣᠮᠧᠲ᠋ᠷ ᠵᠠᠰᠠᠮᠠᠯ ᠵᠠᠮ ᠤᠨ ᠬᠥᠳᠡᠯᠭᠡᠭᠡᠨ ᠢ ᠥᠴᠥᠭᠡᠳᠦᠷ ᠨᠡᠭᠡᠭᠡᠵᠡᠢ᠃  ᠡᠨᠡ ᠵᠠᠮ ᠲᠠᠪᠤᠨᠲᠣᠯᠣᠭᠠᠢ᠂ ᠭᠠᠰᠢᠭᠤᠨᠰᠤᠬᠠᠢᠲᠤ ᠴᠢᠭᠯᠡᠯ ᠦᠨ ᠬᠦᠨᠳᠦ ᠳᠠᠭᠠᠭᠠᠴᠠ ᠶᠢᠨ ᠠᠦ᠋ᠲ᠋ᠣ᠋ ᠵᠠᠮ ᠤᠨ ᠪᠦᠲᠦᠭᠡᠨ ᠪᠠᠢᠭᠤᠯᠤᠯᠲᠠ ᠶᠢᠨ ᠬᠦᠷᠢᠶᠡᠨ ᠳᠦ ᠬᠡᠷᠡᠭᠵᠢᠵᠦ ᠪᠤᠢ ᠴᠢᠬᠤᠯᠠ ᠬᠡᠰᠡᠭ ᠶᠤᠮ᠃

ᠤᠭ ᠵᠠᠮ ᠠᠰᠢᠭᠯᠠᠯᠲᠠ ᠳᠤ ᠣᠷᠣᠭᠰᠠᠨ ᠢᠶᠠᠷ ᠨᠡᠭᠦᠷᠡᠰᠦ᠂ ᠪᠤᠰᠤᠳ ᠡᠺᠰᠫᠣᠷᠲ ᠤᠨ ᠪᠦᠲᠦᠭᠡᠭᠳᠡᠬᠦᠨ ᠦ ᠲᠡᠭᠡᠭᠡᠪᠦᠷᠢᠯᠡᠯᠲᠡ ᠶᠢᠨ ᠨᠥᠬᠥᠴᠡᠯ ᠰᠠᠢᠵᠢᠷᠠᠵᠤ᠂ ᠲᠡᠭᠡᠭᠡᠪᠦᠷᠢᠴᠢᠳ ᠦᠨ ᠬᠥᠳᠡᠯᠭᠡᠭᠡᠨ ᠦ ᠠᠶᠤᠯᠭᠦᠢ ᠪᠠᠢᠳᠠᠯ ᠢ ᠬᠠᠩᠭᠠᠬᠤ᠂ ᠲᠡᠭᠡᠭᠡᠪᠦᠷᠢ ᠶᠢᠨ ᠵᠣᠬᠢᠶᠠᠨ ᠪᠠᠢᠭᠤᠯᠤᠯᠲᠠ ᠶᠢ ᠪᠣᠯᠪᠠᠰᠤᠷᠠᠩᠭᠤᠢ ᠪᠣᠯᠭᠠᠬᠤ᠂ ᠡᠺᠰᠫᠣᠷᠲ ᠢ ᠨᠡᠮᠡᠬᠦ ᠳᠦ ᠴᠢᠬᠤᠯᠠ ᠠᠴᠢ ᠬᠣᠯᠪᠣᠭᠳᠠᠯ ᠲᠠᠢ ᠶᠤᠮ᠃

ᠰᠡᠳᠬᠢᠭᠳᠡᠯ ᠦᠯᠡᠳᠡᠭᠡᠬᠦ