ᠬᠥᠮᠥᠵᠢᠭ᠍ᠴᠢᠳ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠰᠢᠲᠠᠷ᠎ᠠ ᠶᠢᠨ ᠲᠡᠮᠡᠴᠡᠭᠡᠨ ᠡᠴᠡ ᠬᠦᠷᠡᠯ ᠮᠧᠳᠠᠯ ᠬᠦᠷᠲᠡᠯ᠎ᠡ | News.MN

ᠬᠥᠮᠥᠵᠢᠭ᠍ᠴᠢᠳ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠰᠢᠲᠠᠷ᠎ᠠ ᠶᠢᠨ ᠲᠡᠮᠡᠴᠡᠭᠡᠨ ᠡᠴᠡ ᠬᠦᠷᠡᠯ ᠮᠧᠳᠠᠯ ᠬᠦᠷᠲᠡᠯ᠎ᠡ

ᠣᠯᠠᠨ ᠤᠯᠤᠰ ᠤᠨ ᠰᠢᠲᠠᠷ᠎ᠠ ᠶᠢᠨ ᠬᠣᠯᠪᠣᠭ᠎ᠠ ᠶᠢᠨ ᠬᠥᠮᠥᠵᠢᠭ᠍ᠴᠢᠳ  ᠦᠨ ᠳᠤᠮᠳᠠ ᠵᠢᠯ ᠪᠦᠷᠢ ᠤᠯᠠᠮᠵᠢᠯᠠᠯ ᠪᠣᠯᠭᠠᠨ ᠵᠣᠬᠢᠶᠠᠨ ᠪᠠᠢᠭᠤᠯᠳᠠᠭ ᠰᠢᠲᠠᠷ᠎ᠠ ᠶᠢᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠵᠢᠷᠭᠤᠳᠤᠭᠠᠷ ᠴᠠᠬᠢᠮ ᠲᠡᠮᠡᠴᠡᠭᠡᠨ ᠳᠦ ᠮᠣᠩᠭᠣᠯ ᠤᠨ ᠲᠠᠮᠢᠷᠴᠢᠳ ᠠᠮᠵᠢᠯᠲᠠ ᠲᠠᠢ ᠣᠷᠣᠯᠴᠠᠯ᠎ᠠ᠃

ᠲᠣᠳᠣᠷᠠᠭᠤᠯᠪᠠᠯ᠂ ᠰᠢᠭᠦᠬᠦ ᠶᠢᠨ ᠰᠢᠢᠳᠪᠦᠷᠢ ᠭᠦᠢᠴᠡᠳᠭᠡᠬᠦ ᠶᠡᠷᠦᠩᠬᠡᠢ ᠭᠠᠵᠠᠷ ᠤᠨ ᠬᠠᠷᠢᠶ᠎ᠠ 415 ᠳ᠋ᠤᠭᠠᠷ ᠨᠡᠭᠡᠭᠡᠯᠲᠡᠲᠡᠢ᠂ ᠬᠠᠭᠠᠯᠲᠠᠲᠠᠢ ᠬᠤᠷᠢᠬᠤ ᠠᠩᠬᠢ ᠶᠢᠨ ᠲᠠᠮᠢᠷᠴᠢᠳ ᠲᠤᠰ ᠲᠡᠮᠡᠴᠡᠭᠡᠨ ᠡᠴᠡ ᠬᠦᠷᠡᠯ ᠮᠧᠳᠠᠯ ᠬᠦᠷᠲᠡᠭᠰᠡᠨ ᠪᠠᠢᠨ᠎ᠠ᠃ ᠲᠡᠮᠡᠴᠡᠭᠡᠨ ᠳᠦ ᠰᠢᠭᠦᠬᠦ ᠶᠢᠨ ᠰᠢᠢᠳᠪᠤᠷᠢ ᠭᠦᠢᠴᠡᠳᠭᠡᠬᠦ ᠶᠡᠷᠦᠩᠬᠡᠢ ᠭᠠᠵᠠᠷ ᠤᠨ ᠬᠠᠷᠢᠶ᠎ᠠ 401᠂ 409᠂ 415᠂ 419᠂ 423᠂ 427᠂ 435 ᠳ᠋ᠤᠭᠠᠷ ᠨᠡᠭᠡᠭᠡᠯᠲᠡᠲᠡᠢ᠂ ᠬᠠᠭᠠᠯᠲᠠᠲᠠᠢ ᠬᠤᠷᠢᠬᠤ ᠠᠩᠭᠢ ᠠᠴᠠ ᠡᠷᠡᠭᠲᠡᠢ ᠭᠤᠷᠪᠠᠨ ᠪᠠᠭ᠂ 407 ᠳ᠋ᠤᠭᠠᠷ ᠨᠡᠭᠡᠭᠡᠯᠲᠡᠲᠡᠢ᠂ ᠬᠠᠭᠠᠯᠲᠠᠲᠠᠢ ᠬᠤᠷᠢᠬᠤ ᠠᠩᠭᠢ ᠠᠴᠠ ᠡᠮᠡᠭᠲᠡᠢ ᠨᠢᠭᠡ ᠪᠠᠭ᠂ ᠰᠤᠷᠭᠠᠯᠲᠠ᠂ ᠬᠦᠮᠦᠵᠢᠯ ᠦᠨ ᠲᠤᠰᠬᠠᠢ ᠪᠠᠢᠭᠤᠯᠤᠯᠭ᠎ᠠ ᠠᠴᠠ ᠥᠰᠪᠦᠷᠢ ᠨᠠᠰᠤᠨ ᠤ ᠠᠩᠭᠢᠯᠠᠯ ᠳᠤ ᠨᠢᠭᠡ ᠪᠠᠭ ᠪᠤᠶᠤ ᠨᠡᠢᠲᠡ 24 ᠲᠠᠮᠢᠷᠴᠢᠨ ᠣᠷᠣᠯᠴᠠᠵᠠᠢ᠃ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠠᠮᠧᠷᠢᠺᠠ ᠂ ᠹᠢᠯᠢᠫᠢᠨ᠂ ᠡᠨᠡᠳᠬᠡᠭ᠂ ᠬᠠᠰᠠᠭᠰᠲ᠋ᠠᠨ᠂ ᠺᠢᠷᠭᠢᠽᠰᠲ᠋ᠠᠨ᠂  ᠠᠦ᠋ᠰᠲᠠᠷᠠᠯᠢᠶ᠎ᠠ ᠵᠡᠷᠭᠡ 57 ᠣᠷᠣᠨ ᠤ 135 ᠪᠠᠭ᠂ ᠲᠠᠮᠢᠷᠴᠢᠨ ᠥᠷᠢᠰᠦᠯᠳᠦᠭᠰᠡᠨ ᠪᠠᠢᠨ᠎ᠠ᠃

ᠰᠡᠳᠬᠢᠭᠳᠡᠯ ᠦᠯᠡᠳᠡᠭᠡᠬᠦ