ᠦᠪᠦᠷᠬᠠᠩᠭᠠᠢ ᠳᠤ ᠲᠡᠦᠬᠡ ᠰᠤᠶᠤᠯ ᠤᠨ ᠦᠯᠦ ᠬᠥᠳᠡᠯᠬᠦ ᠳᠤᠷᠠᠰᠬᠠᠯ ᠢ ᠬᠠᠮᠠᠭᠠᠯᠠᠬᠤ ᠠᠶᠠᠨ ᠡᠬᠢᠯᠡᠯ᠎ᠡ | News.MN

ᠦᠪᠦᠷᠬᠠᠩᠭᠠᠢ ᠳᠤ ᠲᠡᠦᠬᠡ ᠰᠤᠶᠤᠯ ᠤᠨ ᠦᠯᠦ ᠬᠥᠳᠡᠯᠬᠦ ᠳᠤᠷᠠᠰᠬᠠᠯ ᠢ ᠬᠠᠮᠠᠭᠠᠯᠠᠬᠤ ᠠᠶᠠᠨ ᠡᠬᠢᠯᠡᠯ᠎ᠡ

ᠰᠤᠶᠤᠯ ᠤᠨ ᠥᠪ ᠢ ᠬᠠᠮᠠᠭᠠᠯᠠᠬᠤ᠂ ᠰᠣᠶᠣᠨ ᠭᠡᠭᠡᠷᠡᠭᠦᠯᠬᠦ᠂ ᠢᠷᠭᠡᠳ᠂ ᠪᠠᠢᠭᠤᠯᠤᠯᠭ᠎ᠠ ᠶᠢᠨ ᠬᠠᠮᠲᠤ ᠶᠢᠨ ᠠᠵᠢᠯᠯᠠᠭ᠎ᠠ ᠶᠢ ᠰᠠᠢᠵᠢᠷᠠᠭᠤᠯᠬᠤ 《ᠥᠪ ᠬᠠᠮᠠᠭᠠᠯᠠᠭᠴᠢ》ᠠᠶᠠᠨ ᠢ ᠦᠪᠦᠷᠬᠠᠩᠭᠠᠢ ᠠᠢᠮᠠᠭ ᠤᠨ ᠬᠢᠨ ᠡᠬᠢᠯᠡᠭᠦᠯᠦᠯ᠎ᠡ᠃

ᠠᠷᠪᠠᠳᠤᠭᠠᠷ ᠰᠠᠷ᠎ᠠ ᠶᠢᠨ 15 ᠠᠴᠠ 12 ᠳ᠋ᠤᠭᠠᠷ ᠰᠠᠷ᠎ᠠ ᠶᠢᠨ 1 ᠬᠦᠷᠲᠡᠯ᠎ᠡ ᠦᠷᠭᠦᠯᠵᠢᠯᠡᠬᠦ ᠲᠤᠰ ᠠᠶᠠᠨ ᠢᠶᠠᠷ ᠲᠡᠦᠬᠡ ᠰᠤᠶᠤᠯ ᠤᠨ ᠦᠯᠦ ᠬᠥᠳᠡᠯᠬᠦ ᠳᠤᠷᠠᠰᠬᠠᠯ ᠤᠨ ᠬᠠᠳᠠᠭᠠᠯᠠᠯᠲᠠ᠂ ᠬᠠᠮᠠᠭᠠᠯᠠᠯᠲᠠ ᠶᠢᠨ ᠪᠠᠢᠳᠠᠯ ᠲᠠᠢ ᠲᠠᠨᠢᠯᠴᠠᠬᠤ᠂ ᠢᠷᠭᠡᠳ ᠦᠨ ᠳᠤᠮᠳᠠ ᠬᠡᠯᠡᠯᠴᠡᠭᠦᠯᠭᠡ ᠵᠣᠬᠢᠶᠠᠨ ᠪᠠᠢᠭᠤᠯᠵᠤ᠂ ᠭᠡᠮᠲᠦ ᠬᠡᠷᠡᠭ᠂ ᠡᠷᠡᠰᠳᠡᠯᠲᠦ ᠨᠥᠬᠥᠴᠡᠯ ᠡᠴᠡ ᠤᠷᠢᠳᠴᠢᠯᠠᠨ ᠰᠡᠷᠭᠡᠢᠢᠯᠡᠬᠦ᠂ ᠰᠤᠶᠤᠯ ᠤᠨ ᠥᠪ ᠦᠨ ᠠᠵᠢᠯᠲᠠᠳ ᠢ ᠴᠢᠳᠠᠪᠬᠢᠵᠢᠭᠤᠯᠬᠤ ᠵᠡᠷᠭᠡ ᠣᠯᠠᠨ ᠲᠠᠯ᠎ᠠ ᠶᠢᠨ ᠦᠢᠯᠡ ᠠᠵᠢᠯᠯᠠᠭ᠎ᠠ ᠶᠢ ᠵᠣᠬᠢᠶᠠᠨ ᠪᠠᠢᠭᠤᠯᠬᠤ ᠶᠤᠮ᠃

ᠥᠪᠦᠷᠬᠠᠩᠭᠠᠢ ᠠᠢᠮᠠᠭ  ᠲᠤ ᠤᠯᠤᠰ ᠤᠨ ᠬᠠᠮᠠᠭᠠᠯᠠᠯᠲᠠ ᠶᠢᠨ ᠵᠡᠷᠭᠡᠯᠡᠯ ᠲᠡᠢ 14᠂ ᠠᠢᠮᠠᠭ ᠤᠨ 67᠂ ᠰᠤᠮᠤ ᠶᠢᠨ 339 ᠳᠤᠷᠠᠰᠬᠠᠯᠲᠤ ᠭᠠᠵᠠᠷ ᠲᠤ ᠨᠡᠢᠲᠡ 6619 ᠦᠯᠦ ᠬᠥᠳᠡᠯᠬᠦ ᠳᠤᠷᠠᠰᠬᠠᠯ ᠪᠠᠢᠨ᠎ᠠ᠃ ᠡᠳᠡᠭᠡᠷ ᠢ 400 ᠣᠷᠴᠢᠮ ᠢᠷᠭᠡᠨ ᠭᠡᠷ᠎ᠡ ᠪᠡᠷ ᠬᠠᠮᠠᠭᠠᠯᠠᠳᠠᠭ ᠪᠥᠭᠡᠳ ᠠᠢᠮᠠᠭ ᠠᠴᠠ ᠵᠢᠯ ᠳᠦ 40 ᠰᠠᠶ᠎ᠠ ᠲᠥᠭᠥᠷᠢᠭ ᠦᠨ ᠤᠷᠮᠠᠰᠢᠭᠤᠯᠤᠯ ᠢ ᠣᠯᠭᠤᠵᠤ ᠪᠠᠢᠭ᠎ᠠ ᠶᠤᠮ᠃

ᠰᠡᠳᠬᠢᠭᠳᠡᠯ ᠦᠯᠡᠳᠡᠭᠡᠬᠦ