ᠮᠣᠩᠭᠣᠯ ᠤᠯᠤᠰ ᠤᠨ ᠶᠡᠷᠦᠩᠬᠡᠢᠢᠯᠡᠭ᠍ᠴᠢ ᠤ᠊ ∙ ᠬᠦᠷᠡᠯᠰᠦ᠋ᠬᠡ ᠶᠢᠨ ᠭᠧᠷᠮᠡᠨ ᠳᠦ ᠬᠢᠵᠦ ᠪᠤᠢ ᠲᠥᠷᠥ ᠶᠢᠨ ᠠᠢᠯᠴᠢᠯᠠᠯ ᠤᠨ ᠬᠦᠷᠢᠶᠡᠨ ᠳᠦ ᠬᠣᠶᠠᠷ ᠤᠯᠤᠰ ᠤᠨ ᠶᠡᠬᠡ᠂ ᠳᠡᠭᠡᠳᠦ ᠰᠤᠷᠭᠠᠭᠤᠯᠢ ᠨᠤᠭᠤᠳ ᠪᠣᠯᠪᠠᠰᠤᠷᠠᠯ᠂ ᠡᠷᠳᠡᠮ ᠰᠢᠨᠵᠢᠯᠡᠭᠡᠨ ᠦ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠴᠢᠭᠯᠡᠯ ᠢᠶᠡᠷ ᠳᠣᠯᠣᠭᠠᠨ ᠪᠠᠷᠢᠮᠲᠠ ᠪᠢᠴᠢᠭ ᠪᠠᠢᠭᠤᠯᠵᠤ᠂ ᠠᠷᠪᠠᠳᠤᠭᠠᠷ ᠰᠠᠷ᠎ᠠ ᠶᠢᠨ 22 ᠳᠦ ᠭᠠᠷ ᠤᠨ ᠦᠰᠦᠭ ᠵᠢᠷᠤᠭᠰᠠᠨ ᠪᠠᠢᠨ᠎ᠠ᠃
ᠡᠳᠡᠭᠡᠷ ᠪᠠᠷᠢᠮᠲᠠ ᠪᠢᠴᠢᠭ ᠨᠢ ᠬᠣᠶᠠᠷ ᠤᠯᠤᠰ ᠤᠨ ᠪᠣᠯᠪᠠᠰᠤᠷᠠᠯ ᠤᠨ ᠰᠠᠯᠪᠤᠷᠢ ᠶᠢᠨ 100 ᠵᠢᠯ ᠦᠨ ᠲᠡᠦᠬᠡ ᠲᠡᠢ ᠲᠦᠩᠰᠢᠯᠡᠯ ᠢ ᠪᠡᠬᠢᠵᠢᠭᠦᠯᠬᠦ᠂ ᠡᠷᠳᠡᠮ ᠰᠢᠨᠵᠢᠯᠡᠭᠡ᠂ ᠰᠤᠳᠤᠯᠭᠠᠨ ᠤ ᠴᠢᠳᠠᠪᠬᠢ ᠶᠢ ᠨᠡᠮᠡᠭᠳᠡᠭᠦᠯᠬᠦ᠂ ᠪᠠᠭᠰᠢ᠂ ᠰᠤᠳᠤᠯᠤᠭᠠᠴᠢ᠂ ᠣᠶᠤᠲᠠᠳ ᠤᠨ ᠰᠣᠯᠢᠯᠴᠠᠭ᠎ᠠ ᠶᠢ ᠥᠷᠭᠡᠵᠢᠭᠦᠯᠬᠦ ᠵᠣᠷᠢᠯᠭ᠎ᠠ ᠲᠠᠢ ᠶᠤᠮ᠃ ᠮᠥᠨ ᠲᠡᠭᠦᠨᠴᠢᠯᠡᠨ ᠠᠭᠤᠯᠠ ᠠᠭᠤᠷᠬᠠᠢ ᠶᠢᠨ ᠪᠥᠰᠡ ᠨᠤᠲᠤᠭ ᠤᠨ ᠤᠰᠤ᠂ ᠪᠠᠢᠭᠠᠯᠢ ᠣᠷᠴᠢᠨ ᠤ ᠮᠧᠨᠧᠵᠮᠧᠨᠲ᠂ ᠠᠭᠤᠷᠬᠠᠢ ᠶᠢᠨ ᠬᠠᠭᠠᠯᠲᠠ ᠶᠢᠨ ᠳᠠᠷᠠᠭᠠᠬᠢ ᠯᠠᠨᠳ᠋ᠱᠠᠹᠲ ᠤᠨ ᠨᠥᠬᠥᠨ ᠰᠡᠷᠭᠦᠭᠡᠯᠲᠡ᠂ ᠴᠠᠬᠢᠯᠭᠠᠨ ᠤ ᠢᠨᠵᠧᠨᠧᠷᠴᠢᠯᠡᠯ ᠦᠨ ᠴᠢᠭᠯᠡᠯ ᠢᠶᠡᠷ ᠪᠠᠺᠠᠯᠠᠪᠠᠷ ᠤᠨ ᠲᠦᠪᠰᠢᠨ ᠳᠦ 2+2᠂ ᠠᠬᠢᠭᠰᠠᠨ ᠲᠦᠪᠰᠢᠨ ᠳᠦ 1+1 ᠬᠠᠮᠲᠤᠷᠠᠭᠰᠠᠨ ᠬᠥᠲᠥᠯᠪᠦᠷᠢ ᠬᠡᠷᠡᠭᠵᠢᠭᠦᠯᠬᠦ ᠪᠡᠷ ᠲᠥᠯᠥᠪᠯᠡᠵᠡᠢ᠃



