ᠴᠢᠩᠭᠢᠰ ᠰᠤᠳᠤᠯᠤᠯ ᠤᠨ ᠣᠯᠠᠨ ᠤᠯᠤᠰ ᠤᠨ ᠬᠤᠷᠠᠯ ᠪᠧᠷᠯᠢᠨ ᠳᠦ ᠪᠣᠯᠤᠯ᠎ᠠ | News.MN

ᠴᠢᠩᠭᠢᠰ ᠰᠤᠳᠤᠯᠤᠯ ᠤᠨ ᠣᠯᠠᠨ ᠤᠯᠤᠰ ᠤᠨ ᠬᠤᠷᠠᠯ ᠪᠧᠷᠯᠢᠨ ᠳᠦ ᠪᠣᠯᠤᠯ᠎ᠠ

ᠭᠧᠷᠮᠡᠨ ᠦ ᠪᠧᠷᠯᠢᠨ ᠬᠣᠲᠠ ᠶᠢᠨ Humboldt University ᠳᠡᠭᠡᠷ᠎ᠡ《ᠴᠢᠩᠭᠢᠰ ᠬᠠᠭᠠᠨ》ᠦᠨᠳᠦᠰᠦᠨ ᠦ ᠮᠦᠽᠧᠢ ᠡᠴᠡ 《ᠮᠣᠩᠭᠣᠯ ᠤᠨ ᠪᠠ ᠮᠣᠩᠭᠣᠯ ᠤᠨ ᠳᠠᠷᠠᠭᠠᠬᠢ ᠦᠶ᠎ᠡ ᠶᠢ ᠡᠸᠦ᠋ᠷᠤ᠋ ᠠᠽᠢ ᠳ᠋ᠡᠬᠢ ᠰᠤᠶᠤᠯ ᠤᠨ ᠰᠣᠯᠢᠯᠴᠠᠭ᠎ᠠ ᠬᠢᠭᠡᠳ ᠪᠠᠢᠭᠠᠯᠢ ᠣᠷᠴᠢᠨ》 ᠰᠡᠳᠦᠪᠲᠦ ᠴᠢᠩᠭᠢᠰ ᠬᠠᠭᠠᠨ ᠰᠤᠳᠤᠯᠤᠯ ᠤᠨ ᠣᠯᠠᠨ ᠤᠯᠤᠰ ᠤᠨ ᠡᠷᠳᠡᠮ ᠰᠢᠨᠵᠢᠯᠡᠭᠡᠨ ᠦ ᠭᠤᠷᠪᠠᠳᠤᠭᠠᠷ ᠬᠤᠷᠠᠯ︵2026.10.21) ᠢ ᠵᠣᠬᠢᠶᠠᠨ ᠪᠠᠢᠭᠤᠯᠤᠯ᠎ᠠ᠃

ᠢᠯᠡᠳᠬᠡᠯ ᠦᠳ  ᠬᠠᠷᠠᠬᠣᠷᠣᠮ᠂ ᠬᠠᠷ᠎ᠠ ᠪᠠᠯᠭᠠᠰᠤ ᠶᠢᠨ ᠠᠷᠬᠧᠣᠯᠣᠭᠢ ᠶᠢᠨ ᠣᠯᠳᠠᠪᠤᠷᠢ ᠶᠢᠨ ᠰᠤᠶᠤᠯ ᠬᠣᠭᠣᠷᠣᠨᠳᠣ ᠶᠢᠨ ᠬᠠᠷᠢᠯᠴᠠᠭ᠎ᠠ᠂ ᠢᠯ ᠬᠠᠭᠠᠨᠲᠤ ᠤᠯᠤᠰ ᠤᠨ ᠤᠷᠠᠯᠢᠭ ᠤᠨ ᠥᠪ᠂ ᠴᠢᠩᠭᠢᠰ ᠬᠠᠭᠠᠨ ᠤ ᠰᠤᠷᠭᠠᠯ᠂ ᠭᠡᠷᠡᠭᠡ ᠪᠠ ᠤᠷᠠᠨ ᠪᠢᠴᠢᠯᠭᠡ᠂ ᠮᠣᠩᠭᠣᠯ ᠤᠨ ᠡᠵᠡᠨᠲᠦ ᠭᠦᠷᠦᠨ ᠦ ᠮᠣᠷᠢᠨ ᠤ ᠲᠣᠨᠣᠭᠯᠠᠯ᠂ ᠶᠡᠬᠡ ᠮᠣᠩᠭᠣᠯ ᠤᠯᠤᠰ ᠤᠨ ᠠᠷᠪᠠᠲᠤ ᠶᠢᠨ ᠲᠣᠭᠲᠠᠯᠴᠠᠭ᠎ᠠ᠂ ᠮᠠᠷᠺᠣ ᠫᠤᠯᠤ᠋ ᠶᠢᠨ ᠠᠶᠠᠨ ᠵᠠᠮ ᠤᠨ ᠲᠡᠮᠳᠡᠭᠯᠡᠯ᠂ 1241 ᠣᠨ ᠤ  ᠬᠠᠩᠭᠠᠷᠢ ᠶᠢᠨ ᠶᠡᠬᠡ ᠲᠠᠯ᠎ᠠ ᠳ᠋ᠡᠬᠢ ᠮᠣᠩᠭᠣᠯᠴᠤᠳ ᠤᠨ ᠤᠯᠠ ᠮᠥᠷ ᠦᠨ ᠰᠢᠨ᠎ᠡ ᠠᠷᠬᠧᠣᠯᠣᠭᠢ ᠶᠢᠨ ᠪᠠᠷᠢᠮᠲᠠ ᠵᠡᠷᠭᠡ ᠥᠷᠭᠡᠨ ᠰᠡᠳᠦᠪ ᠢ ᠬᠠᠮᠤᠷᠴᠤ᠂ ᠬᠡᠯᠡᠯᠴᠡᠭᠦᠯᠭᠡ ᠢᠳᠡᠪᠬᠢᠲᠡᠢ ᠥᠷᠨᠢᠭᠰᠡᠨ ᠶᠤᠮ᠃

ᠲᠤᠰ ᠬᠤᠷᠠᠯ ᠨᠢ ᠮᠣᠩᠭᠣᠯ ᠤᠨ ᠡᠵᠡᠨᠲᠦ ᠭᠦᠷᠦᠨ ᠦ ᠦᠶ᠎ᠡ ᠶᠢᠨ ᠰᠤᠶᠤᠯ ᠤᠨ ᠰᠣᠯᠢᠯᠴᠠᠭ᠎ᠠ᠂ ᠪᠠᠢᠭᠠᠯᠢ ᠣᠷᠴᠢᠨ ᠤ ᠠᠰᠠᠭᠤᠳᠠᠯ ᠢ ᠣᠯᠠᠨ ᠰᠠᠯᠪᠤᠷᠢ ᠶᠢᠨ ᠰᠤᠳᠤᠯᠭᠠᠨ ᠤ ᠰᠢᠨ᠎ᠡ ᠥᠨᠴᠥᠭ ᠡᠴᠡ ᠠᠪᠴᠤ ᠦᠵᠡᠵᠦ᠂ ᠮᠣᠩᠭᠣᠯ ᠤᠯᠤᠰ ᠪᠣᠯᠤᠨ ᠧᠦ᠋ᠷᠣᠫᠠ ᠶᠢᠨ ᠲᠡᠷᠢᠭᠦᠯᠡᠬᠦ ᠶᠡᠬᠡ ᠰᠤᠷᠭᠠᠭᠤᠯᠢ᠂ ᠰᠤᠳᠤᠯᠭᠠᠨ ᠤ ᠪᠠᠢᠭᠤᠯᠤᠯᠭ᠎ᠠ ᠨᠤᠭᠤᠳ ᠤᠨ ᠬᠠᠮᠲᠤ ᠶᠢᠨ ᠠᠵᠢᠯᠯᠠᠭ᠎ᠠ ᠶᠢ ᠪᠡᠬᠢᠵᠢᠭᠦᠯᠬᠦ᠂ ᠴᠢᠩᠭᠢᠰ ᠬᠠᠭᠠᠨ ᠰᠤᠳᠤᠯᠤᠯ ᠢ ᠣᠯᠠᠨ ᠤᠯᠤᠰ ᠤᠨ ᠬᠡᠮᠵᠢᠶᠡᠨ ᠳᠦ ᠬᠥᠭᠵᠢᠭᠦᠯᠬᠦ ᠳᠦ ᠦᠨᠡᠲᠡᠢ ᠬᠤᠪᠢ ᠨᠡᠮᠡᠷᠢ ᠣᠷᠣᠭᠤᠯᠤᠯ᠎ᠠ᠃

ᠰᠡᠳᠬᠢᠭᠳᠡᠯ ᠦᠯᠡᠳᠡᠭᠡᠬᠦ