ᠮᠣᠩᠭᠣᠯ ᠤᠯᠤᠰ ᠤᠨ ᠶᠡᠷᠦᠩᠬᠡᠢᠢᠯᠡᠭ᠍ᠴᠢ ᠤ᠊ ∙ ᠬᠦᠷᠡᠯᠰᠦ᠋ᠬᠡ ᠶᠢᠨ ᠹᠢᠨᠯᠠᠨᠳ᠋ ᠤᠯᠤᠰ ᠲᠤ ᠬᠡᠷᠡᠭᠵᠢᠭᠦᠯᠵᠦ ᠪᠤᠢ ᠲᠥᠷᠥ ᠶᠢᠨ ᠠᠢᠯᠴᠢᠯᠠᠯ ᠤᠨ ᠬᠦᠷᠢᠶᠡᠨ ᠳᠦ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠴᠢᠭᠯᠡᠯ ᠢᠶᠡᠷ 10 ᠪᠠᠷᠢᠮᠲᠠ ᠪᠢᠴᠢᠭ ᠲᠦ ᠭᠠᠷ ᠤᠨ ᠦᠰᠦᠭ ᠵᠢᠷᠤᠯ᠎ᠠ᠃
ᠪᠠᠷᠢᠮᠲᠠ ᠪᠢᠴᠢᠭ ᠦᠳ ᠢ ᠠᠷᠪᠠᠳᠤᠭᠠᠷ ᠰᠠᠷ᠎ᠠ ᠶᠢᠨ 23 ᠳᠦ ᠪᠠᠢᠭᠤᠯᠤᠭᠰᠠᠨ ᠪᠥᠭᠡᠳ ᠪᠣᠯᠪᠠᠰᠤᠷᠠᠯ᠂ ᠰᠫᠣᠷᠲ᠂ ᠰᠢᠨᠵᠢᠯᠡᠬᠦ ᠤᠬᠠᠭᠠᠨ᠂ ᠰᠤᠶᠤᠯ᠂ ᠪᠥᠰᠡ ᠨᠤᠲᠤᠭ ᠤᠨ ᠬᠥᠭᠵᠢᠯ᠂ ᠬᠤᠳᠠᠯᠳᠤᠭ᠎ᠠ᠂ ᠪᠠᠷᠢᠯᠭ᠎ᠠ᠂ ᠡᠷᠴᠢᠮ ᠬᠦᠴᠦᠨ ᠦ ᠰᠠᠯᠪᠤᠷᠢ ᠶᠢ ᠬᠠᠮᠤᠷᠴᠠᠢ᠃ ᠵᠢᠱᠢᠶᠡᠯᠡᠪᠡᠯ ᠪᠣᠯᠪᠠᠰᠤᠷᠠᠯ ᠤᠨ ᠰᠠᠯᠪᠤᠷᠢ᠂ ᠮᠦᠽᠧᠢ ᠬᠣᠭᠣᠷᠣᠨᠳᠣ ᠶᠢᠨ ᠬᠠᠮᠲᠤ ᠶᠢᠨ ᠠᠵᠢᠯᠯᠠᠭ᠎ᠠ ᠶᠢ ᠬᠥᠭ᠍ᠵᠢᠭᠦᠯᠦᠨ᠎ᠡ᠃ ᠮᠥᠨ ᠬᠥᠪᠰᠥᠭᠥᠯ ᠠᠢᠮᠠᠭ᠂ ᠯᠠᠫᠯᠠᠨᠳ᠋ ᠮᠤᠵᠢ ᠬᠠᠮᠲᠤᠷᠠᠨ ᠠᠵᠢᠯᠯᠠᠨ᠎ᠠ᠃



