ᠮᠣᠩᠭᠣᠯ ᠤᠯᠤᠰ ᠤᠨ ᠢᠷᠭᠡᠳ ᠣᠯᠠᠨ ᠢᠶᠠᠷ ᠣᠷᠣᠰᠢᠨ ᠰᠠᠭᠤᠵᠤ ᠪᠤᠢ ᠤᠯᠤᠰ ᠣᠷᠣᠨ ᠨᠤᠭᠤᠳ ᠲᠠᠢ ᠨᠡᠢᠭᠡᠮ ᠤᠨ ᠬᠠᠮᠠᠭᠠᠯᠠᠯ ᠤᠨ ᠣᠯᠠᠨ ᠤᠯᠤᠰ ᠤᠨ ᠬᠡᠯᠡᠯᠴᠡᠭᠡᠷ ᠪᠠᠢᠭᠤᠯᠵᠤ᠂ ᠬᠣᠶᠠᠷ ᠤᠯᠤᠰ ᠤᠨ ᠢᠷᠭᠡᠳ ᠦᠨ ᠨᠡᠢᠭᠡᠮ ᠤᠨ ᠬᠠᠮᠠᠭᠠᠯᠠᠯ ᠤᠨ ᠡᠷᠬᠡ ᠶᠢ ᠬᠠᠷᠢᠯᠴᠠᠨ ᠬᠠᠩᠭᠠᠵᠤ᠂ ᠨᠡᠢᠭᠡᠮ ᠤᠨ ᠳᠠᠭᠠᠳᠬᠠᠯ ᠤᠨ ᠰᠢᠮᠡᠳᠭᠡᠯ ᠲᠥᠯᠦᠭᠰᠡᠨ ᠬᠤᠭᠤᠴᠠᠭ᠎ᠠ ᠶᠢ ᠨᠢᠭᠡᠳᠬᠡᠨ ᠲᠣᠭᠠᠴᠠᠬᠤ᠂ ᠲᠤᠬᠠᠢ ᠶᠢᠨ ᠬᠤᠭᠤᠴᠠᠭᠠᠨ ᠳᠤ ᠭᠡᠷ᠎ᠡ ᠪᠡᠷ ᠲᠣᠬᠢᠷᠠᠭᠰᠠᠨ ᠬᠥᠳᠡᠯᠮᠦᠷᠢ ᠶᠢᠨ ᠬᠥᠯᠦᠰᠦᠨ ᠳᠦ ᠨᠡᠢᠭᠡᠮ ᠤᠨ ᠳᠠᠭᠠᠳᠬᠠᠯ ᠤᠨ ᠰᠢᠮᠡᠳᠭᠡᠯ ᠨᠣᠭᠳᠠᠭᠤᠯᠬᠤ ᠳᠤ ᠪᠠᠨ ᠤᠶᠠᠨ ᠬᠠᠲᠠᠨ᠂ ᠬᠥᠩᠭᠡᠯᠡᠯᠲᠡ ᠲᠡᠢ ᠪᠠᠢᠬᠤ ᠨᠥᠬᠥᠴᠡᠯ ᠢ ᠪᠦᠷᠢᠳᠦᠭᠦᠯᠬᠦ᠂ ᠤᠯᠠᠮ ᠢᠶᠠᠷ ᠨᠡᠢᠭᠡᠮ ᠤᠨ ᠳᠠᠭᠠᠳᠬᠠᠯ ᠤᠨ ᠬᠠᠮᠤᠷᠤᠭᠳᠠᠯᠲᠠ ᠶᠢ ᠨᠡᠮᠡᠭᠳᠡᠭᠦᠯᠬᠦ ᠴᠢᠭᠯᠡᠯ ᠢᠶᠡᠷ ᠨᠡᠢᠭᠡᠮ ᠦᠨ ᠬᠠᠮᠠᠭᠠᠯᠠᠯ ᠬᠦᠳᠡᠯᠮᠤᠷᠢ ᠶᠢᠨ ᠶᠠᠮᠤᠨ ᠡᠷᠴᠢᠮᠲᠡᠢ ᠠᠵᠢᠯᠯᠠᠵᠤ ᠪᠠᠢᠨ᠎ᠠ᠃
ᠮᠠᠨ ᠤ ᠤᠯᠤᠰ ᠣᠷᠣᠰ᠂ ᠪᠦᠭᠦᠳᠡ ᠨᠠᠢᠷᠠᠮᠳᠠᠬᠤ ᠰᠣᠯᠣᠩᠭᠣᠰ ᠤᠯᠤᠰ᠂ ᠬᠠᠩᠭᠠᠷᠢ᠂ ᠫᠤᠯᠠᠨᠳ᠋᠂ ᠴᠧᠾ᠂ ᠲᠦᠷᠺ᠂ ᠬᠠᠰᠠᠭᠰᠲ᠋ᠠᠨ︵2026 ᠣᠨ ᠤ 4 ᠳᠦᠭᠡᠷ ᠰᠠᠷ᠎ᠠ ᠠᠴᠠ︶᠂ ᠠᠦ᠋ᠰᠲᠷᠢ︵2026 ᠣᠨ ᠤ 8 ᠳ᠋ᠤᠭᠠᠷ ᠰᠠᠷ᠎ᠠ ᠠᠴᠠ︶ ᠭᠡᠰᠡᠨ ᠨᠠᠢᠮᠠᠨ ᠤᠯᠤᠰ ᠲᠠᠢ ᠨᠡᠢᠭᠡᠮ ᠤᠨ ᠬᠠᠮᠠᠭᠠᠯᠠᠯ ᠤᠨ ᠬᠡᠯᠡᠯᠴᠡᠭᠡᠷ ᠪᠠᠢᠭᠤᠯᠤᠭᠰᠠᠨ᠃
ᠭᠠᠳᠠᠭᠠᠳᠤ ᠬᠠᠷᠢᠯᠴᠠᠭᠠᠨ ᠤ ᠶᠠᠮᠤᠨ ᠠᠴᠠ ᠮᠡᠳᠡᠭᠡᠯᠡᠭᠰᠡᠨ ᠢᠶᠡᠷ ᠮᠣᠩᠭᠣᠯ ᠤᠯᠤᠰ ᠤᠨ 260 ᠮᠢᠩᠭ᠎ᠠ ᠣᠷᠴᠢᠮ ᠢᠷᠭᠡᠨ ᠭᠠᠳᠠᠭᠠᠳᠤ ᠳᠤ ᠠᠵᠢᠯᠯᠠᠵᠤ᠂ ᠠᠮᠢᠳᠤᠷᠠᠵᠤ ᠪᠠᠢᠨ᠎ᠠ᠃ ᠡᠭᠦᠨ ᠦ 35 ᠬᠤᠪᠢ ᠨᠢ ᠨᠡᠢᠭᠡᠮ ᠤᠨ ᠬᠠᠮᠠᠭᠠᠯᠠᠯ ᠤᠨ ᠬᠡᠯᠡᠯᠴᠡᠭᠡᠷ ᠪᠦᠬᠦᠢ ᠳᠡᠭᠡᠷᠡᠬᠢ ᠤᠯᠤᠰ ᠲᠦ ᠠᠵᠢᠯᠯᠠᠵᠤ᠂ ᠠᠮᠢᠳᠤᠷᠠᠵᠤ ᠪᠠᠢᠭ᠎ᠠ ᠶᠤᠮ᠃



