ᠤ᠊ ∙ ᠬᠦᠷᠡᠯᠰᠦ᠋ᠬᠡ ᠶᠢ ᠠ᠊ ∙ ᠭ ∙ ᠯᠤᠺᠠᠱᠧᠨᠺᠤ ᠤᠭᠲᠤᠵᠤ ᠠᠪᠤᠯ᠎ᠠ | News.MN

ᠤ᠊ ∙ ᠬᠦᠷᠡᠯᠰᠦ᠋ᠬᠡ ᠶᠢ ᠠ᠊ ∙ ᠭ ∙ ᠯᠤᠺᠠᠱᠧᠨᠺᠤ ᠤᠭᠲᠤᠵᠤ ᠠᠪᠤᠯ᠎ᠠ

ᠮᠣᠩᠭᠣᠯ ᠤᠯᠤᠰ ᠤᠨ ᠶᠡᠷᠦᠩᠬᠡᠢᠢᠯᠡᠭ᠍ᠴᠢ ᠤ᠊ ∙ ᠬᠦᠷᠡᠯᠰᠦ᠋ᠬᠡ ᠪᠦᠭᠦᠳᠡ ᠨᠠᠢᠷᠠᠮᠳᠠᠬᠤ ᠪᠧᠯᠠᠷᠦᠰ ᠤᠯᠤᠰ ᠤᠨ ᠶᠡᠷᠦᠩᠬᠡᠢᠢᠯᠡᠭ᠍ᠴᠢ ᠠᠯᠧᠺᠰᠠᠨᠳᠠᠷ  ᠭᠷᠢᠭᠤᠷᠢᠶᠧᠴ ᠯᠤᠺᠠᠱᠧᠨᠺᠤ  ᠶᠢᠨ ᠤᠷᠢᠯᠭ᠎ᠠ ᠪᠠᠷ ᠲᠤᠰ ᠤᠯᠤᠰ ᠲᠤ ᠲᠥᠷᠥ ᠶᠢᠨ ᠠᠢᠯᠴᠢᠯᠠᠯ ᠬᠢᠵᠦ ᠪᠠᠢᠨ᠎ᠠ᠃ ᠲᠡᠭᠦᠨ ᠢ ᠠ᠊ ∙ ᠭ ∙ ᠯᠤᠺᠠᠱᠧᠨᠺᠤ ᠮᠢᠨᠰᠺ ᠬᠣᠲᠠ ᠶᠢᠨ ᠲᠤᠰᠠᠭᠠᠷ ᠲᠣᠭᠲᠠᠨᠢᠯ ᠤᠨ ᠣᠷᠳᠣᠨ ᠳᠤ ᠪᠠᠨ ᠠᠯᠪᠠᠨ ᠶᠣᠰᠣᠭᠠᠷ ᠤᠭᠲᠤᠵᠤ ᠠᠪᠤᠯ᠎ᠠ᠃ ᠤᠭᠲᠤᠬᠤ ᠶᠣᠰᠣᠯᠠᠯ ᠤᠨ ᠦᠶ᠎ᠡ ᠪᠡᠷ ᠬᠣᠶᠠᠷ ᠤᠯᠤᠰ ᠤᠨ ᠲᠥᠷᠥ ᠶᠢᠨ ᠳᠠᠭᠤᠯᠠᠯ ᠡᠭᠡᠰᠢᠭᠯᠡᠵᠦ᠂ ᠬᠦᠨᠳᠦᠲᠦ ᠬᠠᠷᠠᠭᠤᠯ ᠤᠨ ᠵᠠᠬᠢᠷᠤᠭᠴᠢ ᠶᠡᠷᠦᠩᠬᠡᠢᠢᠯᠡᠭ᠍ᠴᠢ ᠤ᠊ ∙ ᠬᠦᠷᠡᠯᠰᠦ᠋ᠬᠡ  ᠳᠦ ᠠᠢᠯᠠᠳᠬᠠᠯ ᠡᠷᠭᠦᠯ᠎ᠡ᠃ ᠲᠥᠷᠥ ᠶᠢᠨ ᠲᠡᠷᠢᠭᠦᠨ ᠨᠠᠷ ᠤᠭᠲᠤᠬᠤ ᠶᠣᠰᠣᠯᠠᠯ ᠳᠤ ᠣᠷᠣᠯᠴᠠᠭᠰᠠᠨ ᠬᠣᠶᠠᠷ ᠤᠯᠤᠰ ᠤᠨ ᠠᠯᠪᠠᠨ ᠶᠣᠰᠣᠨ ᠤ ᠲᠥᠯᠥᠭᠡᠯᠡᠭᠴᠢᠳ ᠲᠡᠢ ᠮᠡᠨᠳᠦᠴᠢᠯᠡᠪᠡ᠃

ᠮᠣᠩᠭᠣᠯ ᠤᠯᠤᠰ ᠡᠯᠴᠢᠨ ᠰᠠᠢᠳ ᠤᠨ ᠶᠠᠮᠤᠨ ᠢᠶᠠᠨ 2020 ᠣᠨ ᠤ ᠲᠠᠪᠤᠳᠤᠭᠠᠷ ᠰᠠᠷ᠎ᠠ ᠶᠢᠨ 24 ᠳᠦ ᠮᠢᠨᠰᠺ ᠬᠣᠲᠠ ᠳᠤ ᠨᠡᠭᠡᠭᠡᠭᠰᠡᠨ᠃

ᠪᠦᠭᠦᠳᠡ ᠨᠠᠢᠷᠠᠮᠳᠠᠬᠤ ᠪᠧᠯᠠᠷᠦᠰ ᠤᠯᠤᠰ ᠡᠯᠴᠢᠨ ᠰᠠᠢᠳ ᠤᠨ ᠶᠠᠮᠤᠨ ᠢᠶᠠᠨ 2014 ᠣᠨ ᠤ ᠵᠢᠷᠭᠤᠳᠤᠭᠠᠷ ᠰᠠᠷ᠎ᠠ ᠶᠢᠨ 30 ᠳᠦ ᠤᠯᠠᠭᠠᠨᠪᠠᠭᠠᠲᠤᠷ  ᠬᠣᠲᠠ ᠳᠤ ᠨᠡᠭᠡᠭᠡᠵᠡᠢ᠃

ᠰᠡᠳᠬᠢᠭᠳᠡᠯ ᠦᠯᠡᠳᠡᠭᠡᠬᠦ