《ᠱᠦᠭᠯᠦ ᠦᠯᠢᠶᠡᠭ᠍ᠴᠢ ᠶᠢ ᠬᠠᠮᠠᠭᠠᠯᠠᠬᠤ ᠲᠤᠬᠠᠢ》ᠬᠠᠤᠯᠢ ᠶᠢᠨ ᠲᠥᠰᠥᠯ ᠢ ᠬᠡᠯᠡᠯᠴᠡᠭᠦᠯᠦᠨ᠎ᠡ | News.MN

《ᠱᠦᠭᠯᠦ ᠦᠯᠢᠶᠡᠭ᠍ᠴᠢ ᠶᠢ ᠬᠠᠮᠠᠭᠠᠯᠠᠬᠤ ᠲᠤᠬᠠᠢ》ᠬᠠᠤᠯᠢ ᠶᠢᠨ ᠲᠥᠰᠥᠯ ᠢ ᠬᠡᠯᠡᠯᠴᠡᠭᠦᠯᠦᠨ᠎ᠡ

 

ᠬᠠᠤᠯᠢ᠂ ᠵᠦᠢ ᠳᠣᠲᠣᠭᠠᠳᠤ ᠬᠡᠷᠡᠭ ᠦᠨ ᠳᠡᠳ᠋ ᠰᠠᠢᠳ D∙ ᠮᠥᠩᠬᠡᠡᠷᠳᠡᠨᠢ ᠴᠠᠬᠢᠮ ᠬᠠᠭᠤᠳᠠᠰᠤ ᠪᠠᠷ ᠢᠶᠠᠨ ᠳᠠᠮᠵᠢᠭᠤᠯᠤᠨ᠄ ᠬᠠᠤᠯᠢ ᠵᠦᠢ᠂ ᠳᠣᠲᠣᠭᠠᠳᠤ ᠬᠡᠷᠡᠭ ᠦᠨ ᠶᠠᠮᠤᠨ ᠠᠴᠠ《ᠱᠦᠭᠯᠦ ᠦᠯᠢᠶᠡᠭ᠍ᠴᠢ ᠶᠢ ᠬᠠᠮᠠᠭᠠᠯᠠᠬᠤ ᠲᠤᠬᠠᠢ》᠂《ᠭᠡᠷᠡᠴᠢ᠂ ᠬᠣᠬᠢᠷᠠᠭᠴᠢ ᠶᠢ ᠬᠠᠮᠠᠭᠠᠯᠠᠬᠤ ᠲᠤᠬᠠᠢ》 ᠬᠠᠤᠯᠢ ᠶᠢᠨ ᠰᠢᠨᠡᠴᠢᠯᠡᠭᠰᠡᠨ ᠨᠠᠢᠷᠠᠭᠤᠯᠭ᠎ᠠ ᠶᠢᠨ ᠲᠥᠰᠥᠯ ᠦᠳ ᠢ ᠢᠷᠡᠬᠦ ᠳᠣᠯᠣᠭ᠎ᠠ ᠬᠣᠨᠣᠭ ᠤᠨ ᠵᠠᠰᠠᠭ ᠤᠨ ᠭᠠᠵᠠᠷ ᠤᠨ ᠬᠤᠷᠠᠯᠳᠤᠭᠠᠨ ᠳᠤ ᠣᠷᠣᠭᠤᠯᠵᠤ ᠬᠡᠯᠡᠯᠴᠡᠭᠦᠯᠬᠦ ᠪᠡᠷ ᠪᠡᠯᠡᠳᠬᠡᠯ ᠬᠠᠩᠭᠠᠵᠤ ᠪᠠᠢᠨ᠎ᠠ ᠬᠡᠮᠡᠵᠡᠢ᠃

ᠬᠠᠤᠯᠢ ᠵᠦᠢ᠂ ᠳᠣᠲᠣᠭᠠᠳᠤ ᠬᠡᠷᠡᠭ ᠦᠨ ᠶᠠᠮᠤᠨ ᠪᠣᠯᠤᠨ ᠠᠪᠯᠢᠭ᠎ᠠ ᠲᠠᠢ ᠲᠡᠮᠡᠴᠡᠬᠦ ᠭᠠᠵᠠᠷ ᠬᠠᠮᠲᠤᠷᠠᠨ ᠪᠣᠯᠪᠠᠰᠤᠷᠠᠭᠤᠯᠤᠭᠰᠠᠨ《ᠱᠦᠭᠯᠦ ᠦᠯᠢᠶᠡᠭ᠍ᠴᠢ ᠶᠢ ᠬᠠᠮᠠᠭᠠᠯᠠᠬᠤ ᠲᠤᠬᠠᠢ》ᠠᠩᠬᠠᠳᠠᠭᠴᠢ ᠬᠠᠤᠯᠢ ᠶᠢᠨ ᠲᠥᠰᠥᠯ ᠢ ᠵᠠᠰᠠᠭ ᠤᠨ ᠭᠠᠵᠠᠷ ᠤᠨ 2026 ᠣᠨ ᠤ ᠭᠤᠷᠪᠠᠳᠤᠭᠠᠷ ᠰᠠᠷ᠎ᠠ ᠶᠢᠨ 25 ᠤ ᠡᠳᠦᠷ ᠦᠨ ᠬᠤᠷᠠᠯᠳᠤᠭᠠᠨ ᠢᠶᠠᠷ ᠬᠡᠯᠡᠯᠴᠡᠨ ᠳᠡᠮᠵᠢᠵᠦ᠂ ᠶᠠᠭᠠᠷᠠᠯᠲᠠᠢ ᠭᠣᠷᠢᠮ ᠢᠶᠠᠷ ᠮᠣᠩᠭᠣᠯ ᠤᠯᠤᠰ ᠤᠨ ᠶᠡᠬᠡ ᠬᠤᠷᠠᠯ ᠳᠤ ᠡᠷᠭᠦᠨ ᠪᠠᠷᠢᠭᠠᠳ ᠪᠠᠢᠨ᠎ᠠ᠃ ᠡᠨᠡ ᠬᠦ ᠬᠠᠤᠯᠢ ᠶᠢᠨ ᠲᠥᠰᠥᠯ ᠢ ᠡᠮᠦᠨ᠎ᠡ ᠨᠢ 2021 ᠣᠨ ᠳᠤ ᠤᠯᠤᠰ ᠤᠨ ᠶᠡᠬᠡ ᠬᠤᠷᠠᠯ ᠳᠦ ᠡᠷᠭᠦᠨ ᠪᠠᠷᠢᠵᠤ ᠪᠠᠢᠭᠰᠠᠨ ᠴᠤ ᠳᠡᠮᠵᠢᠭᠳᠡᠭᠡ ᠦᠭᠡᠢ ᠶᠤᠮ᠃

ᠰᠡᠳᠬᠢᠭᠳᠡᠯ ᠦᠯᠡᠳᠡᠭᠡᠬᠦ